ᠱᠢ ᠵᠢᠩ ᠱᠠᠨ ᠲᠣᠭᠤᠷᠢᠭ ᠪᠤᠯᠤᠨ ᠨᠢᠩᠴᠧᠩ ᠰᠢᠶᠠᠨ ᠤ ᠤᠯᠠᠭᠠᠨ ᠵᠠᠭᠠᠯᠮᠠᠢᠳᠠᠨ ᠤ ᠬᠥᠬᠡ ᠣᠬᠳᠠᠷᠭᠤᠢ ᠠᠪᠤᠷᠠᠨ ᠲᠤᠰᠠᠯᠠᠬᠤ ᠠᠩᠭᠢ ᠨᠢ ᠤᠰᠤᠨ ᠣᠷᠣᠨ ᠤ ᠠᠮᠤᠷ ᠲᠦᠪᠰᠢᠨ ᠤ ᠪᠠᠴᠢᠮ  ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠠᠮᠲᠤᠷᠠᠭᠰᠠᠨ ᠰᠣᠷᠢᠯᠲᠠ ᠬᠢᠪᠡ
ᠨᠡᠶᠢᠲᠡᠯᠡᠭᠰᠡᠨ ᠴᠠᠭ᠄
2024/7/3
      ᠣᠶᠢᠷ᠎ᠠ ᠶᠢᠨ ᠡᠳᠦᠷ᠂ ᠱᠢ ᠵᠢᠩ ᠱᠠᠨ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠬᠥᠬᠡ ᠣᠭᠲᠠᠷᠭᠤᠶ ᠠᠪᠤᠷᠠᠨ ᠲᠤᠰᠠᠯᠠᠬᠤ ᠠᠩᠭᠢ ᠪᠣᠯᠤᠨ ᠨᠢᠩᠴᠧᠩ ᠰᠢᠶᠠᠨ ᠤ ᠤᠯᠠᠭᠠᠨ ᠵᠠᠭᠠᠯᠮᠠᠶᠢᠲᠠᠨ ᠤ ᠬᠥᠬᠡ ᠣᠭᠲᠠᠷᠭᠤᠶ ᠠᠪᠤᠷᠠᠨ ᠲᠤᠰᠠᠯᠠᠬᠤ ᠠᠩᠭᠢ ᠬᠠᠮᠲᠤᠷᠠᠨ ᠨᠢᠩᠴᠧᠩ ᠰᠢᠶᠠᠨ ᠤ ᠽᠢ ᠮᠧᠩ ᠬᠤ᠋ ᠨᠠᠭᠤᠷ ᠤᠨ ᠤᠰᠤᠨ ᠣᠷᠣᠨ ᠳᠤ ᠠᠮᠤᠷ ᠲᠦᠪᠰᠢᠨ ᠤ ᠲᠤᠬᠠᠶ ᠶᠢᠨ ᠭᠠᠵᠠᠷ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠠᠮᠲᠤᠷᠠᠭᠰᠠᠨ ᠰᠣᠷᠢᠯᠲᠠ ᠶᠢ ᠥᠷᠨᠢᠭᠦᠯᠪᠡ᠃ ᠲᠣᠰ ᠤᠳᠠᠭᠠᠨ ᠤ ᠰᠣᠷᠢᠯᠲᠠ ᠶᠢᠨ ᠠᠭᠤᠯᠭ᠎ᠠ ᠳᠤ ᠤᠰᠤᠨ ᠣᠷᠣᠨ ᠤ ᠠᠪᠤᠷᠠᠨ ᠲᠤᠰᠠᠯᠠᠬᠤ ᠣᠯᠠᠨ ᠲᠠᠯ᠎ᠠ ᠶᠢ ᠬᠠᠮᠤᠷᠴᠠᠶ᠃ ᠡᠭᠦᠨ ᠤ ᠬᠠᠮᠲᠤ ᠡᠯ᠎ᠡ ᠲᠥᠷᠥᠯ ᠤᠨ ᠭᠡᠨᠡᠳᠲᠡ ᠶᠢᠨ ᠪᠠᠴᠢᠮ ᠪᠠᠶᠢᠳᠠᠯ ᠢ ᠠᠷᠭᠠᠴᠠᠭᠠᠬᠤ ᠪᠠᠶᠢᠳᠠᠯ ᠢ ᠰᠢᠢᠳᠪᠦᠷᠢᠯᠡᠬᠦ ᠪᠠ ᠠᠷᠭᠠᠴᠠᠬᠤ ᠶᠢ ᠰᠤᠷᠢᠪᠠ᠃ ᠲᠤᠬᠠᠶ ᠶᠢᠨ ᠭᠠᠵᠠᠷ ᠤᠨ ᠰᠣᠷᠢᠯᠲᠠ ᠪᠠᠷ ᠳᠡᠮᠵᠢᠨ᠂ ᠪᠣᠯᠪᠠᠰᠤᠷᠠᠯ ᠳᠤ ᠣᠷᠣᠯᠴᠠᠭᠰᠠᠳ ᠲᠤᠬᠠᠶ ᠶᠢᠨ ᠲᠠᠯᠠᠪᠤᠷ ᠲᠤ ᠤᠰᠤᠨ ᠳᠡᠭᠡᠷᠡᠬᠢ ᠠᠪᠤᠷᠠᠨ ᠲᠤᠰᠠᠯᠠᠬᠤ ᠮᠡᠳᠡᠯᠭᠡ ᠪᠠ ᠤᠷ᠎ᠠ ᠴᠢᠳᠠᠪᠤᠷᠢ ᠶᠢ ᠨᠡᠩ ᠰᠠᠶᠢᠨ ᠡᠵᠡᠮᠰᠢᠪᠡ᠃ ᠰᠣᠷᠢᠯᠲᠠ ᠶᠢᠨ ᠶᠠᠪᠤᠴᠠ ᠳᠤ᠂ ᠠᠩᠭᠢ ᠶᠢᠨ ᠭᠡᠰᠢᠭᠦᠳ ᠣᠨᠣᠯ ᠤᠨ ᠮᠡᠳᠡᠯᠭᠡ ᠪᠠᠨ ᠪᠣᠳᠠᠲᠤ ᠪᠠᠶᠢᠯᠳᠤᠭᠠᠨ ᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠰᠤᠷᠭᠠᠭᠴᠢ ᠶᠢᠨ ᠵᠢᠯᠣᠭᠤᠳᠣᠯᠭ᠎ᠠ ᠳᠣᠤᠷ᠎ᠠ ᠠᠪᠤᠷᠠᠨ ᠲᠤᠰᠠᠯᠠᠬᠤ ᠶᠠᠪᠤᠴᠠ ᠪᠠᠨ ᠲᠠᠰᠤᠷᠠᠯᠲᠠ ᠥᠬᠡᠶ ᠰᠢᠯᠢᠳᠡᠭᠵᠢᠭᠦᠯᠵᠦ᠂ ᠠᠪᠤᠷᠠᠨ ᠲᠤᠰᠠᠯᠠᠬᠤ ᠦᠷ᠎ᠡ ᠪᠦᠲᠦᠮᠵᠢ ᠪᠠᠨ ᠳᠡᠭᠡᠭᠰᠢᠯᠡᠭᠦᠯᠪᠡ᠃ ᠡᠭᠦᠨ ᠤ ᠬᠠᠮᠲᠤ᠂ ᠤᠰᠤᠨ ᠣᠷᠣᠨ ᠤ ᠰᠠᠭᠤᠷᠢ ᠠᠪᠤᠷᠠᠨ ᠲᠤᠰᠠᠯᠠᠬᠤ ᠲᠤᠰᠬᠠᠶ ᠮᠡᠷᠭᠡᠵᠢᠯ ᠤᠨ ᠮᠡᠳᠡᠯᠭᠡ ᠪᠠ ᠠᠪᠤᠷᠠᠨ ᠲᠤᠰᠠᠯᠠᠬᠤ ᠠᠷᠭ᠎ᠠ ᠮᠠᠶ᠋ᠢᠭ ᠢ ᠡᠵᠡᠮᠰᠢᠵᠦ᠂ ᠠᠪᠤᠷᠠᠨ ᠲᠤᠰᠠᠯᠠᠬᠤ ᠠᠵᠢᠯᠯᠠᠭᠠᠨ ᠤ ᠶᠠᠪᠤᠴᠠ ᠶᠢ ᠵᠢᠷᠤᠮᠵᠢᠭᠤᠯᠵᠤ᠂ ᠬᠤᠶᠢᠰᠢᠳᠠ ᠶᠢᠨ ᠡᠯ᠎ᠡ ᠲᠥᠷᠥᠯ ᠤᠨ ᠤᠰᠤᠨ ᠣᠷᠣᠨ ᠤ ᠭᠡᠨᠡᠳᠲᠡ ᠶᠢᠨ ᠪᠠᠶᠢᠳᠠᠯ ᠢ ᠠᠷᠭᠠᠴᠠᠬᠤ ᠳᠤ ᠪᠠᠲᠤ ᠪᠠᠬᠢ ᠰᠠᠭᠤᠷᠢ ᠶᠢ ᠲᠠᠯᠪᠢᠪᠠ᠃ ᠲᠣᠰ ᠤᠳᠠᠭᠠᠨ ᠤ ᠬᠤᠶᠠᠷ ᠭᠠᠵᠠᠷ ᠤᠨ ᠬᠠᠮᠲᠤᠷᠠᠭᠰᠠᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠡᠷᠦᠩᠬᠡᠶᠢᠯᠡᠭᠰᠡᠨ ᠰᠣᠷᠢᠯᠲᠠ ᠪᠠᠷ ᠳᠠᠮᠵᠢᠭᠤᠯᠤᠨ᠂ ᠨᠢᠩᠴᠧᠩ ᠰᠢᠶᠠᠨ ᠤ ᠤᠯᠠᠭᠠᠨ ᠵᠠᠭᠠᠯᠮᠠᠶᠢᠲᠠᠨ ᠤ ᠬᠥᠬᠡ ᠣᠭᠲᠠᠷᠭᠤᠶ ᠠᠪᠤᠷᠠᠨ ᠲᠤᠰᠠᠯᠠᠬᠤ ᠠᠩᠭᠢ ᠶᠢᠨ ᠤᠰᠤᠨ ᠳᠡᠭᠡᠷᠡᠬᠢ ᠭᠡᠨᠡᠳᠲᠡ ᠶᠢᠨ ᠠᠳᠡᠯ ᠢ ᠲᠦᠷᠭᠡᠨ ᠲᠤᠰᠬᠠᠬᠤ ᠴᠢᠳᠠᠪᠤᠷᠢ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠ ᠵᠣᠬᠢᠴᠠᠭᠤᠯᠤᠨ ᠪᠠᠶᠢᠯᠳᠤᠬᠤ ᠴᠢᠳᠠᠪᠤᠷᠢ ᠶᠢ ᠳᠡᠭᠡᠭᠰᠢᠯᠡᠭᠦᠯᠵᠦ᠂  ᠪᠡᠯᠡᠳᠬᠡᠯ ᠤᠨ ᠬᠢᠷᠢ ᠲᠦᠪᠰᠢᠨ ᠢ ᠪᠦᠲᠦᠮᠵᠢᠲᠡᠶ ᠰᠢᠯᠭᠠᠨ ᠪᠠᠶᠢᠴᠠᠭᠠᠵᠤ᠂ ᠠᠪᠤᠷᠠᠨ ᠲᠤᠰᠠᠯᠠᠬᠤ ᠠᠩᠭᠢ ᠵᠢᠨ‌‍ᠪᠡᠯᠡᠳᠬᠡᠯ ᠤᠨ ᠤᠬᠠᠮᠰᠠᠷ᠂ ᠡᠭᠦᠷᠭᠡᠲᠦ ᠤᠬᠠᠮᠰᠠᠷ ᠪᠠ ᠰᠠᠨᠠᠭᠠᠰᠢᠷᠠᠨ ᠵᠣᠪᠠᠨᠢᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠡᠩᠨᠡᠭᠡ ᠶᠢᠨ ᠲᠦᠷᠭᠡᠨ ᠲᠤᠰᠬᠠᠬᠤ᠂ ᠠᠮᠢᠳᠤᠯᠢᠭ ᠵᠢᠯᠣᠭᠤᠳᠬᠤ ᠪᠠ ᠥᠨᠳᠥᠷ ᠪᠦᠲᠦᠮᠵᠢᠲᠡᠶ ᠪᠠᠷ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号