| ᠨᠢᠭᠡ ᠳᠤ ︽ᠤᠯᠠᠭᠠᠨᠬᠠᠳᠠ ᠬᠤᠲᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠬᠡᠷᠡᠭᠵᠢᠭᠦᠯᠬᠦ ᠰᠠᠨᠠᠯ︾ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠨᠢᠩᠴᠧᠩ ᠰᠢᠶᠠᠨ ᠤ ᠰᠤᠷᠭᠠᠨ | ᠬᠥᠮᠦᠵᠢᠯ ᠤᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ︾ ᠢ ᠪᠠᠶᠢᠭᠤᠯᠵᠤ᠂ ᠨᠡᠶᠢᠲᠡ 540 ᠲᠦᠮᠡᠨ | ᠲᠥᠭᠦᠷᠢᠭ ᠬᠤᠷᠢᠶᠠᠨ ᠬᠠᠨᠳᠢᠪᠯᠠᠪᠠ᠃ ᠬᠤᠶᠠᠷ ᠲᠤ᠂ ︽ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ | ᠪᠠᠶᠢᠭᠤᠯᠤᠯᠲᠠ ᠶᠢᠨ ᠣᠨ︾ ᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠪᠠᠭᠰᠢ ᠶᠢᠨ ᠮᠣᠷᠠᠯ ᠤᠨ ᠬᠡᠪ | ᠳᠦᠷᠢᠮ ᠢ ᠵᠦᠷᠢᠴᠡᠭᠰᠡᠨ 11 ᠬᠥᠮᠦᠨ ᠢ ᠪᠠᠶᠢᠴᠠᠭᠠᠨ ᠰᠢᠢᠳᠪᠤᠷᠢᠯᠡᠵᠦ᠂ 15 ᠬᠥᠮᠦᠨ ᠤ ᠶᠠᠷᠢᠯᠴᠠᠭ᠎ᠠ ᠬᠢᠵᠦ | ᠰᠠᠨᠠᠭᠤᠯᠪᠠ᠃ ᠭᠤᠷᠪᠠ ᠳᠤ᠂ ᠡᠯ᠎ᠡ ᠵᠦᠢᠯ ᠤᠨ ᠪᠠᠲᠤᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠯ᠎ᠡ | ᠰᠤᠷᠭᠠᠭᠤᠯᠢ ᠶᠢᠨ ᠳᠤᠯᠠᠭᠠᠯᠠᠭ᠎ᠠ ᠶᠢᠨ ᠵᠠᠷᠤᠳᠠᠯ ᠢ ᠡᠳ᠋ ᠤᠨ ᠵᠠᠰᠠᠭ ᠠᠴᠠ ᠨᠢᠭᠡᠳᠦᠯᠲᠡᠶ ᠡᠭᠦᠷᠭᠡᠯᠡᠵᠦ᠂ ᠵᠢᠭᠠᠨ | ᠰᠤᠳᠤᠯᠬᠤ ᠪᠠ ᠪᠣᠯᠪᠠᠰᠤᠷᠠᠯ ᠤᠨ ᠵᠠᠷᠤᠳᠠᠯ ᠢ ᠠᠯᠬᠤᠮ ᠬᠤᠪᠢᠶᠠᠨ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠵᠤ᠂ | ᠪᠠᠭᠰᠢ ᠶᠢ ᠣᠷᠣᠭᠤᠯᠤᠨ ᠠᠪᠴᠢᠷᠠᠬᠤ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ︽ᠰᠠᠭᠠᠳ ᠥᠬᠡᠶ | ᠨᠡᠪᠲᠡᠷᠡᠬᠦ ᠵᠠᠮ︾ ᠤᠨ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ 68 ᠥᠨᠳᠥᠷ ᠬᠡᠪ ᠪᠣᠯᠪᠠᠰᠤᠷᠠᠯ ᠲᠠᠢ | ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ 5145 ᠬᠥᠮᠦᠨ ᠤᠳᠠᠭ᠎ᠠ ᠪᠣᠯᠪᠠᠰᠤᠷᠠᠯ ᠳᠤ ᠤᠷᠤᠯᠴᠠᠪᠠ᠃ | ᠳᠥᠷᠪᠡ ᠳᠤ ︽ᠨᠠᠷᠠᠲᠤ ᠰᠤᠷᠭᠠᠭᠤᠯᠢ ᠶᠢᠨ ᠵᠠᠬᠢᠷᠤᠯ︾ ᠤᠨ ᠠᠵᠢᠯᠯᠠᠬᠤ ᠲᠠᠰᠤᠭ ᠢ ᠬᠦᠴᠦᠯᠡᠨ ᠪᠠᠶᠢᠭᠤᠯᠵᠤ᠂ ᠨᠢᠭᠡ | ᠪᠦᠯᠦᠭ ︽ᠨᠠᠷᠠᠲᠤ ᠪᠠᠭᠰᠢ︾ ︽ᠨᠠᠷᠠᠲᠤ ᠠᠩᠭᠢ ᠶᠢᠨ ᠡᠷᠬᠢᠯᠡᠭᠴᠢ︾ ᠶᠢ ᠭᠡᠷᠡᠴᠢᠯᠡᠬᠦ᠂ ᠴᠡᠭ ᠲᠤ ᠰᠠᠭᠤᠵᠤ | ᠠᠵᠢᠯ ᠤᠨ ᠪᠠᠶᠢᠷᠢ ᠶᠢ ᠳᠠᠭᠠᠬᠤ ᠵᠢᠴᠢ ︽ᠰᠤᠷᠭᠠᠭᠤᠯᠢ ᠶᠢᠨ ᠬᠥᠭᠵᠢᠯᠲᠡ ᠶᠢᠨ ᠬᠤᠯᠪᠣᠭᠠᠨ ᠤ ᠬᠠᠮᠲᠤ ᠶᠢᠨ ᠴᠣᠭᠴᠠ | ︾ ᠶᠢᠨ ᠪᠠᠶᠢᠭᠤᠯᠤᠯᠲᠠ ᠶᠢ ᠠᠬᠢᠭᠤᠯᠬᠤ ᠵᠡᠷᠭᠡ ᠠᠷᠭ᠎ᠠ ᠬᠡᠯᠪᠡᠷᠢ ᠶᠢ ᠬᠦᠴᠦᠯᠡᠨ ᠪᠠᠶᠢᠭᠤᠯᠵᠤ᠂ ᠰᠤᠷᠭᠠᠭᠤᠯᠢ ᠶᠢᠨ | ᠪᠠᠭ᠂ ᠪᠠᠭᠰᠢ᠂ ᠵᠢᠭᠠᠨ ᠰᠤᠷᠭᠠᠯᠲᠠ ᠶᠢᠨ ᠰᠤᠳᠤᠯᠭᠠᠨ ᠤ 3 ᠡᠩᠨᠡᠭᠡ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ | ᠴᠢᠩᠭᠠᠳᠬᠠᠵᠤ᠂ ᠪᠥᠬᠦ ᠰᠢᠶᠠᠨ ᠤ ᠰᠤᠷᠭᠠᠨ ᠬᠥᠮᠦᠵᠢᠯ ᠤᠨ ᠡᠩᠨᠡᠭᠡ ᠶᠢᠨ ᠬᠢᠷᠢ ᠲᠦᠪᠰᠢᠨ ᠪᠠ ᠰᠤᠷᠭᠠᠨ | ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠵᠡᠷᠭᠡᠪᠡᠷ ᠳᠡᠭᠡᠭᠰᠢᠯᠡᠭᠦᠯᠬᠦ ᠶᠢ ᠳᠠᠶᠢᠴᠢᠯᠠᠪᠠ᠃ |