| ᠨᠢᠭᠡ ᠲᠠᠯ᠎ᠠ ᠪᠠᠷ ᠪᠡᠶ᠎ᠡ ᠶᠢᠨ ᠲᠠᠮᠢᠷ ᠵᠢᠭᠤᠯᠴᠢᠯᠠᠯ ᠤᠨ ᠠᠭᠤᠰᠤᠯᠴᠠᠯ ᠢ ᠠᠬᠢᠭᠤᠯᠵᠤ᠂ ᠬᠥᠳᠡᠭᠡ ᠲᠣᠰᠬᠤᠨ ᠤ | ᠬᠥᠭᠵᠢᠯᠲᠡ ᠶᠢᠨ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠪᠡ᠃ ᠤᠯᠠᠭᠠᠨᠬᠠᠳᠠ ᠬᠤᠲᠠ ᠶᠢᠨ ᠪᠡᠶ᠎ᠡ ᠶᠢᠨ | ᠲᠠᠮᠢᠷ ᠤᠨ ᠲᠣᠪᠴᠢᠶ᠎ᠠ ᠳᠤ ᠲᠦᠰᠢᠭᠯᠡᠨ ︽ᠤᠯᠠᠭᠠᠨᠬᠠᠳᠠ ᠨᠤᠲᠤᠭ ᠤᠨ ᠦᠨᠦᠷ ᠠᠮᠳᠠᠳᠦ ᠪᠡᠶ᠎ᠡ ᠶᠢᠨ ᠲᠠᠮᠢᠷ︾ ᠤᠨ | ᠣᠨᠴᠠᠯᠢᠭᠲᠤ ᠨᠠᠷᠠᠲᠤ ᠲᠡᠮᠳᠡᠭ ᠵᠢᠴᠢ 2024 ᠣᠨ ᠤ ᠪᠥᠬᠦ ᠤᠯᠤᠰ ᠤᠨ ︽ᠲᠣᠰᠬᠤᠨ ᠤ BA︾ ᠶᠢᠨ | ᠪᠥᠮᠪᠥᠭᠡᠨ ᠤᠷᠤᠯᠳᠤᠭᠠᠨ ᠤ ᠤᠯᠠᠭᠠᠨᠬᠠᠳᠠ ᠶᠢᠨ ᠤᠷᠤᠯᠳᠤᠭᠠᠨ ᠤ ᠲᠣᠭᠤᠷᠢᠭ— ︽ᠵᠥᠩ ᠲᠠᠩ ᠣᠨᠴᠠ ᠪᠣᠯᠣᠳ | ᠬᠤᠨᠳᠠᠭᠠᠲᠤ︾ ᠶᠢᠨ ᠰᠢᠯᠭᠠᠷᠠᠭᠤᠯᠬᠤ ᠤᠷᠤᠯᠳᠤᠭᠠᠨ ᠢ ᠦᠷᠨᠢᠭᠦᠯᠪᠡ᠃ ︽ᠡᠬᠢ ᠪᠠᠶᠠᠯᠢᠭ᠂ ᠵᠣᠴᠢᠨ ᠤ ᠢᠷᠡᠯᠲᠡ᠂ | ᠦᠢᠯᠡᠴᠢᠯᠡᠭᠡ︾ ᠵᠡᠷᠭᠡ ᠭᠤᠷᠪᠠᠨ ᠶᠡᠭᠡ ᠬᠦᠴᠦᠨ ᠵᠦᠢᠯ ᠳᠤ ᠠᠩᠬᠠᠷᠤᠯ ᠢᠶᠠᠨ ᠲᠥᠪᠯᠡᠷᠡᠭᠦᠯᠦᠨ᠂ ᠪᠡᠶ᠎ᠡ ᠶᠢᠨ | ᠲᠠᠮᠢᠷ ᠤᠨ ᠤᠷᠤᠯᠳᠤᠭᠠᠨ ᠤ ᠬᠥᠲᠥᠯᠦᠨ ᠳᠠᠭᠠᠭᠤᠯᠬᠤ᠂ ᠪᠡᠶ᠎ᠡ ᠶᠢᠨ ᠲᠠᠮᠢᠷ ᠤᠨ ᠭᠡᠷᠩᠯᠡᠭᠡ ᠶᠢ ᠬᠥᠲᠥᠯᠦᠨ | ᠳᠠᠭᠠᠭᠤᠯᠬᠤ᠂ ᠪᠡᠶ᠎ᠡ ᠶᠢᠨ ᠲᠠᠮᠢᠷ ᠤᠨ ᠠᠵᠤ ᠠᠬᠤᠶ ᠶᠢ ᠬᠥᠲᠥᠯᠦᠨ ᠳᠠᠭᠠᠭᠤᠯᠬᠤ ᠦᠢᠯᠡᠳᠦᠯ ᠢ ᠭᠦᠢᠴᠡᠳ | ᠪᠠᠳᠠᠷᠠᠭᠤᠯᠵᠤ᠂ ᠤᠷᠤᠯᠳᠤᠭᠠᠨ ᠤ ᠠᠵᠤ ᠠᠬᠤᠶ ᠶᠢ ᠶᠡᠬᠡᠪᠡᠷ ᠬᠥᠭᠵᠢᠭᠦᠯᠦᠨ᠂ ︽ᠪᠡᠶ᠎ᠡ ᠶᠢᠨ ᠲᠠᠮᠢᠷ+︾ ᠤᠨ | ᠠᠵᠢᠯ ᠲᠥᠷᠥᠯ ᠤᠨ ᠵᠠᠭᠠᠭ ᠬᠢᠵᠠᠭᠠᠷ ᠢ ᠦᠷᠭᠦᠯᠵᠢᠯᠡᠨ ᠥᠷᠭᠡᠳᠬᠡᠵᠦ᠂ ᠪᠡᠶ᠎ᠡ ᠶᠢᠨ ᠲᠠᠮᠢᠷ ᠤᠨ ᠠᠵᠤ ᠠᠬᠤᠶ ᠶᠢᠨ | ᠰᠢᠨ᠎ᠡ ᠡᠵᠡᠩᠨᠡᠯᠲᠡ ᠶᠢᠨ ᠪᠠᠶᠢᠳᠠᠯ ᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃ ︽ᠵᠥᠩ ᠲᠠᠩ ᠣᠨᠴᠠ ᠪᠣᠯᠣᠳ | ᠬᠤᠨᠳᠠᠭᠠᠲᠤ︾ ᠰᠢᠯᠭᠠᠷᠠᠭᠤᠯᠬᠤ ᠤᠷᠤᠯᠳᠤᠭᠠᠨ ᠤ ᠬᠤᠭᠤᠴᠠᠭᠠᠨ ᠳᠤ᠂ ᠰᠣᠨᠢᠷᠬᠠᠭᠰᠠᠨ ᠬᠥᠮᠦᠨ ᠤ ᠲᠤᠭ᠎ᠠ 85 | ᠲᠦᠮᠡᠨ ᠬᠥᠮᠦᠨ ᠤᠳᠠᠭ᠎ᠠ ᠳᠤ ᠬᠦᠷᠴᠦ᠂ ᠡᠭᠦᠨ ᠳᠤ ᠲᠤᠬᠠᠶ ᠶᠢᠨ ᠲᠠᠯᠠᠪᠤᠷ ᠲᠤ 5 ᠲᠦᠮᠡᠨ ᠬᠥᠮᠦᠨ ᠤᠳᠠᠭ᠎ᠠ᠂ | ᠰᠦᠯᠵᠢᠶᠡᠨ ᠳᠡᠭᠡᠷ᠎ᠡ ᠦᠵᠡᠭᠴᠢᠳ 80 ᠲᠦᠮᠡᠨ ᠬᠥᠮᠦᠨ ᠤᠳᠠᠭ᠎ᠠ ᠳᠤ ᠬᠦᠷᠴᠦ᠂ ᠠᠵᠤ ᠠᠬᠤᠶ ᠶᠢᠨ ᠬᠡᠷᠡᠭᠯᠡᠭᠡ ᠶᠢ | ᠨᠡᠶᠢᠲᠡ ᠬᠤᠶᠠᠷ ᠮᠢᠩᠭ᠎ᠠ ᠭᠠᠷᠤᠶ ᠲᠦᠮᠡᠨ ᠲᠥᠭᠦᠷᠢᠭ ᠲᠠᠶᠢᠴᠢᠯᠠᠪᠠ᠃ | ᠨᠥᠭᠦᠭᠡ ᠲᠠᠯ᠎ᠠ ᠪᠠᠷ ᠰᠣᠶᠣᠯ ᠪᠡᠶ᠎ᠡ ᠶᠢᠨ ᠲᠠᠮᠢᠷ ᠤᠨ ᠦᠢᠯᠡᠴᠢᠯᠡᠭᠡ ᠶᠢ ᠰᠢᠯᠢᠳᠡᠭᠵᠢᠭᠦᠯᠵᠦ᠂ ᠣᠯᠠᠨ ᠲᠦᠮᠡᠨ ᠤ | ᠬᠠᠨᠤᠮᠵᠢ ᠶᠢᠨ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠤᠯᠤᠰ ᠤᠨ ᠪᠦᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠤᠷᠢᠶᠠᠯᠠᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠵᠤ᠂ ᠲᠣᠰᠬᠤᠨ ᠤ ᠠᠷᠠᠳ ᠤᠨ ᠪᠡᠶ᠎ᠡ | ᠮᠠᠬᠠᠪᠣᠳ ᠤᠨ ᠡᠷᠡᠭᠦᠯ ᠮᠡᠨᠳᠦ ᠶᠢᠨ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠶᠡᠭᠡ ᠬᠤᠣᠰ ᠰᠦᠮ᠎ᠡ ᠪᠠᠯᠭᠠᠰᠦ | ᠬᠠᠷᠢᠶ᠎ᠠ ᠣᠷᠣᠨ ᠤ ᠪᠠᠨ ᠡᠯ᠎ᠡ ᠲᠣᠰᠬᠤᠨ ᠤ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠤᠨ ᠲᠤᠭ᠎ᠠ ᠶᠢ | ᠪᠠᠶᠢᠴᠠᠭᠠᠵᠤ᠂ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠢ ᠪᠦᠷᠢᠨ ᠲᠣᠬᠢᠷᠠᠭᠤᠯᠤᠭᠰᠠᠨ ᠦᠭᠡᠢ ᠲᠣᠰᠬᠤᠨ ᠳᠤ | ᠴᠠᠭ ᠲᠤᠬᠠᠢ ᠳᠤᠨᠢ ᠤᠭᠰᠠᠷᠠᠵᠤ᠂ ᠲᠣᠰᠬᠤᠨ ᠤ ᠠᠷᠠᠳ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠣᠶᠣᠯ | ᠪᠡᠶ᠎ᠡ ᠶᠢᠨ ᠲᠠᠮᠢᠷ ᠤᠨ ᠬᠡᠷᠡᠭᠴᠡᠭᠡ ᠶᠢ ᠬᠠᠩᠭᠠᠬᠤ ᠪᠠᠷ ᠪᠠᠷᠠᠬᠤ ᠦᠭᠡᠢ᠂ ᠲᠣᠰᠬᠤᠨ ᠤ ᠰᠣᠶᠣᠯ ᠤᠨ ᠪᠠᠶᠢᠭᠤᠯᠤᠯᠲᠠ | ᠪᠠ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ | ᠦᠵᠡᠰᠬᠦᠯᠡᠩᠲᠦ ᠰᠠᠶᠢᠬᠠᠨ᠂ ᠡᠶ᠎ᠡ ᠵᠣᠬᠢᠴᠠᠯ ᠲᠠᠢ᠂ ᠡᠷᠡᠭᠦᠯ ᠰᠠᠷᠠᠭᠤᠯ ᠬᠥᠳᠡᠭᠡ ᠲᠣᠰᠬᠤᠨ ᠤ ᠨᠡᠶᠢᠭᠡᠮ ᠢ | ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠪᠡ᠃ |