ᠨᠢᠩᠴᠧᠩ ᠰᠢᠶᠠᠨ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠮᠥᠩᠭᠦᠨ ᠭᠦᠢᠯᠭᠡᠭᠡᠨ ᠤ ᠠᠮᠢ ᠠᠬᠤᠢ ᠶᠢᠨ ᠬᠤᠳᠠᠯᠳᠤᠭᠠᠨ ᠤ ᠲᠣᠭᠤᠷᠢᠭ ᠢ ᠠᠮᠵᠢᠯᠲᠠ ᠲᠠᠢ ᠪᠠᠶᠢᠭᠤᠯᠪᠠ
ᠨᠡᠶᠢᠲᠡᠯᠡᠭᠰᠡᠨ ᠴᠠᠭ᠄
2024/7/30
    ᠡᠨᠡ ᠵᠢᠯ ᠠᠴᠠ ᠨᠠᠰᠢ᠂ ᠨᠢᠩᠴᠧᠩ ᠰᠢᠶᠠᠨ ᠤ ᠲᠠᠷᠢᠶᠠᠯᠠᠩ ᠬᠤᠳᠠᠯᠳᠤᠭᠠᠨ ᠤ ᠪᠠᠩᠬᠢ ︽ᠳᠥᠷᠪᠡᠨ ᠶᠡᠭᠡ ᠬᠦᠷᠢᠶ᠎ᠡ ᠴᠠᠷᠠᠭ᠎ᠠ︾ ᠶᠢᠨ ᠣᠶᠤᠨᠴᠢ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠱᠠ ᠲᠦᠸᠧ ᠽᠢ ᠶᠢᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢᠶᠠᠷ ᠲᠤᠷᠰᠢᠯᠲᠠ ᠶᠢᠨ ᠴᠡᠭ ᠪᠣᠯᠭᠠᠵᠤ᠂ ᠮᠥᠩᠭᠦᠨ ᠭᠦᠢᠯᠭᠡᠭᠡᠨ ᠤ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠬᠤᠳᠠᠯᠳᠤᠭᠠᠨ ᠤ ᠡᠷᠦᠬᠡ ᠶᠢᠨ ᠬᠦᠴᠢᠷ ᠠᠰᠠᠭᠤᠳᠠᠯ ᠢ ᠦᠨᠡᠨᠬᠦ ᠰᠢᠢᠳᠪᠦᠷᠢᠯᠡᠪᠡ᠃ ᠨᠢᠭᠡ ᠳᠤ᠂ ᠬᠠᠨᠳᠤᠯᠭᠠᠲᠤ ᠴᠢᠨᠠᠷᠲᠠᠶ ᠮᠥᠩᠭᠦᠨ ᠭᠦᠢᠯᠭᠡᠭᠡᠨ ᠤ ᠦᠢᠯᠡᠳᠬᠦᠨ ᠪᠠ ᠬᠥᠭᠵᠢᠯᠲᠡ ᠶᠢᠨ ᠠᠷᠭ᠎ᠠ ᠪᠣᠳᠣᠯᠭ᠎ᠠ ᠶᠢ ᠲᠣᠭᠲᠠᠭᠠᠵᠤ᠂ ︽ᠪᠠᠭᠴᠠᠯᠠᠬᠰᠠᠨ ᠲᠣᠭᠠᠴᠠᠭ᠎ᠠ ᠬᠢᠬᠦ︾ ᠲᠠᠪᠴᠠᠩ ᠢ ᠠᠰᠢᠭᠯᠠᠨ᠂ ᠣᠶᠤᠨᠴᠢ ᠪᠠᠷ ᠲᠣᠭᠠᠴᠠᠭ᠎ᠠ ᠬᠢᠬᠦ ᠪᠠᠶᠢᠳᠠᠯ ᠢ ᠪᠣᠶ ᠪᠣᠯᠭᠠᠵᠤ᠂ ᠬᠤᠳᠠᠯᠳᠤᠭᠠᠨ ᠤ ᠡᠷᠦᠬᠡ ᠶᠢᠨ ᠡᠵᠡᠩᠨᠡᠯᠲᠡ ᠶᠢᠨ ᠣᠷᠣᠯᠭ᠎ᠠ ᠶᠢᠨ ᠪᠦᠷᠢᠳᠬᠡᠯ ᠤᠨ ᠬᠦᠴᠢᠷᠳᠡᠯ ᠤᠨ ᠡᠪᠡᠷᠰᠢᠶᠡᠯ ᠢ ᠪᠦᠲᠦᠮᠵᠢᠲᠡᠶ ᠰᠢᠢᠳᠪᠦᠷᠢᠯᠡᠵᠦ᠂ ᠬᠡᠷᠡᠭᠯᠡᠭᠡᠨ ᠤ ᠲᠣᠭᠠᠴᠠᠭ᠎ᠠ ᠬᠢᠬᠦ ᠳᠤ ᠳᠥᠭᠦᠮ ᠳᠥᠲᠡ ᠴᠢᠨᠠᠷ ᠢ ᠳᠡᠭᠡᠭᠰᠢᠯᠡᠭᠦᠯᠪᠡ᠃  ᠬᠤᠶᠠᠷ ᠲᠤ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠵᠠᠬ᠎ᠠ ᠳᠡᠯᠭᠡᠭᠦᠷ ᠤᠨ ᠲᠤᠰᠬᠠᠶ ᠡᠷᠦᠬᠡ ᠶᠢᠨ ᠬᠡᠷᠡᠭᠯᠡᠭᠡᠨ ᠤ ᠲᠤᠬᠳᠠᠬᠰᠠᠨ ᠬᠠᠩᠰᠢᠨ ᠳᠤ ᠬᠦᠷᠪᠡᠯ ᠬᠢᠮᠳᠡᠷᠡᠭᠤᠯᠵᠦ ᠥᠭᠬᠦ᠂ ᠬᠠᠷᠠᠭᠠᠯᠵᠠᠯ ᠤᠨ ᠲᠡᠮᠳᠡᠭᠲᠦ ᠲᠠᠷᠬᠠᠭᠠᠬᠤ ᠵᠡᠷᠭᠡ ᠠᠵᠢᠯᠯᠠᠭ᠎ᠠ ᠶᠢ ᠥᠷᠨᠢᠭᠦᠯᠵᠦ᠂ ᠬᠡᠷᠡᠭᠯᠡᠭᠴᠢᠳ ᠤᠨ ᠪᠡᠶᠡᠴᠢᠯᠡᠨ ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠦᠨ᠂ ᠬᠤᠳᠠᠯᠳᠤᠭᠠᠴᠢᠨ ᠡᠷᠦᠬᠡ ᠶᠢ ᠬᠠᠪᠰᠤᠷᠤᠨ  ᠬᠡᠷᠩᠯᠡᠭᠴᠢᠳ ᠤᠨ ᠠᠩᠬᠠᠷᠤᠯ ᠢ ᠳᠠᠲᠠᠨ᠂ ᠬᠤᠳᠠᠯᠳᠤᠭᠠᠨ ᠤ ᠡᠷᠦᠬᠡ ᠶᠢᠨ ᠨᠠᠭᠠᠯᠳᠤᠮᠠᠬᠠᠢ ᠴᠢᠨᠠᠷ ᠢ ᠴᠢᠩᠭᠠᠷᠠᠭᠤᠯᠤᠨ᠂ ᠠᠷᠭ᠎ᠠ ᠵᠠᠮ ᠤᠨ ᠲᠤᠬᠠᠶᠢᠯᠠᠭᠰᠠᠨ ᠠᠵᠢᠯ ᠤᠨ ᠦᠢᠯᠡᠴᠢᠯᠡᠭᠡᠨ ᠤ ᠰᠢᠨ᠎ᠡ ᠵᠠᠭᠠᠭ ᠱᠤᠭᠤᠮ ᠢ ᠥᠷᠭᠡᠳᠬᠡᠪᠡ᠃  ᠭᠤᠷᠪᠠ ᠳᠤ᠂  ᠵᠠᠬ᠎ᠠ ᠳᠡᠯᠭᠡᠭᠦᠷ ᠤᠨ ᠬᠤᠳᠠᠯᠳᠤᠭᠠᠨ ᠤ ᠡᠷᠦᠬᠡ ᠳᠤ ᠲᠤᠰᠬᠠᠶᠢᠯᠠᠨ  ᠢᠲᠡᠭᠡᠮᠵᠢᠲᠦ ᠵᠢᠭᠡᠯᠡᠯᠭᠡ ᠶᠢᠨ ᠦᠢᠯᠡᠳᠬᠦᠨ ᠢ ᠭᠠᠷᠭᠠᠵᠤ᠂ ᠰᠠᠨᠠᠭᠠᠴᠢᠯᠠᠭ᠎ᠠ ᠠᠴᠠ ᠪᠠᠨ ᠬᠡᠷ ᠲᠤᠨᠢ ᠬᠦᠷᠴᠦ ᠢᠲᠡᠭᠡᠮᠵᠢ ᠣᠯᠭᠤᠬᠤ ᠶᠢ ᠥᠷᠨᠢᠭᠦᠯᠵᠦ ᠂ ︽ᠣᠯᠭᠤᠪᠠᠰᠤ ᠵᠣᠬᠢᠬᠤ ᠶᠢ ᠨᠢ ᠪᠦᠬᠦᠨ ᠢ ᠣᠯᠭᠤᠵᠤ᠂ ᠬᠡᠵᠢᠶ᠎ᠡ ᠬᠡᠷᠡᠭᠯᠡᠪᠡᠰᠦ ᠬᠡᠵᠢᠶ᠎ᠡ ᠵᠢᠭᠡᠯᠡᠬᠦ︾ ᠶᠢ ᠪᠡᠶᠡᠯᠡᠭᠦᠯᠵᠦ᠂ ᠢᠲᠡᠭᠡᠮᠵᠢ ᠣᠯᠭᠤᠬᠤ ᠦᠢᠯᠡᠴᠢᠯᠡᠭᠡᠨ ᠤ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠬᠤᠳᠠᠯᠳᠤᠭᠠᠴᠢᠨ ᠡᠷᠦᠬᠡ ᠶᠢᠨ ᠪᠠᠯᠠ ᠲᠣᠬᠢᠷᠠᠭᠤᠯᠬᠤ ᠳᠤ ᠬᠦᠴᠢᠷᠲᠡᠶ᠂ ᠪᠠᠯᠠ ᠲᠣᠬᠢᠷᠠᠭᠤᠯᠬᠤ ᠳᠤ ᠦᠨᠡᠲᠡᠶ ᠪᠠᠶᠢᠬᠤ ᠠᠰᠠᠭᠤᠳᠠᠯ ᠢ ᠦᠨᠡᠨ ᠬᠦ ᠰᠢᠢᠳᠪᠤᠷᠢᠯᠡᠪᠡ᠃  ᠣᠳᠣᠬᠠᠨ ᠳᠤ᠂ ᠵᠠᠬ᠎ᠠ ᠳᠡᠯᠭᠡᠭᠦᠷ ᠤᠨ 147 ᠬᠤᠳᠠᠯᠳᠤᠭᠠᠴᠢᠨ ᠤᠷᠤᠯᠴᠠᠵᠦ᠂ 8700 ᠲᠦᠮᠡᠨ ᠲᠥᠭᠦᠷᠢᠭ ᠤᠨ ᠥᠪᠡᠷ ᠤᠨ ᠥᠷᠲᠡᠭ ᠨᠢ ᠳᠣᠤᠷ᠎ᠠ ᠪᠠᠯᠠ ᠮᠥᠩᠭᠦ ᠶᠢ ᠰᠢᠩᠭᠡᠭᠡᠨ ᠠᠪᠴᠤ᠂ ᠪᠣᠷᠣᠯᠠᠭᠤᠯᠭ᠎ᠠ ᠶᠢ ᠠᠬᠢᠭᠤᠯᠵᠤ ᠵᠠᠷᠤᠳᠠᠯ ᠢ ᠪᠠᠭᠤᠷᠠᠭᠤᠯᠤᠭᠰᠠᠨ ᠲᠤᠭ᠎ᠠ ᠨᠢ 36.7 ᠲᠦᠮᠡᠨ ᠲᠥᠭᠦᠷᠢᠭ ᠲᠤ ᠬᠦᠷᠴᠡᠶ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号