| ᠰᠢᠲᠠᠮᠠᠬᠠᠶ ᠬᠡᠶ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠪᠥᠬᠦ ᠲᠠᠯ᠎ᠠ ᠪᠠᠷ | ᠵᠢᠭᠰᠠᠭᠠᠨ ᠪᠠᠶᠢᠴᠠᠭᠠᠵᠤ᠂ ᠰᠢᠲᠠᠮᠠᠬᠠᠶ ᠬᠡᠶ ᠶᠢᠨ ᠵᠤᠤᠬ᠎ᠠ ᠶᠢᠨ ᠬᠡᠷᠡᠭᠰᠡᠯ ᠢ ᠪᠣᠷᠣᠯᠠᠭᠤᠯᠬᠤ ᠵᠠᠬ᠎ᠠ ᠳᠡᠯᠭᠡᠭᠦᠷ ᠤᠨ | ᠣᠷᠴᠢᠨ ᠲᠣᠭᠤᠷᠢᠨ ᠢ ᠴᠡᠪᠡᠷᠰᠢᠭᠦᠯᠦᠨ ᠂ ᠰᠢᠲᠠᠮᠠᠬᠠᠶ ᠬᠡᠶ ᠶᠢᠨ ᠪᠠᠭᠠᠵᠢ ᠬᠡᠷᠡᠭᠰᠡᠯ ᠤᠨ ᠬᠡᠷᠡᠭᠯᠡᠯᠲᠡ ᠶᠢᠨ ᠠᠮᠤᠷ | ᠲᠦᠪᠰᠢᠨ ᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠬᠤᠳᠠᠯᠳᠤᠭᠠᠨ ᠤ ᠬᠡᠲᠦ ᠳᠡᠯᠭᠡᠭᠦᠷ᠂ ᠴᠠᠬᠢᠯᠭᠠᠨ ᠬᠡᠷᠡᠭᠰᠡᠯ ᠤᠨ ᠲᠤᠰᠬᠠᠶ | ᠡᠵᠡᠩᠨᠡᠯᠲᠡ ᠶᠢᠨ ᠳᠡᠯᠭᠡᠭᠦᠷ᠂ ᠲᠡᠮᠦᠷᠯᠢᠭ ᠤᠨ ᠳᠡᠯᠭᠡᠭᠦᠷ ᠵᠡᠷᠭᠡ ᠰᠢᠲᠠᠮᠠᠬᠠᠢ ᠬᠡᠢ ᠶᠢᠨ ᠪᠠᠭᠠᠵᠢ ᠬᠡᠷᠡᠭᠰᠡᠯ ᠢ | ᠪᠣᠷᠣᠯᠠᠭᠤᠯᠬᠤ ᠨᠢᠭᠡᠴᠢ ᠶᠢᠨ ᠡᠵᠡᠩᠨᠡᠯᠲᠡ ᠶᠢᠨ ᠬᠢᠷᠢ ᠬᠡᠮ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ᠂ | ᠭᠡᠷᠡᠴᠢ ᠪᠠᠷᠢᠮᠲᠠ ᠠᠪᠬᠤ᠂ ᠰᠢᠲᠠᠮᠠᠬᠠᠢ ᠬᠡᠢ ᠶᠢᠨ ᠪᠠᠭᠠᠵᠢ ᠬᠡᠷᠡᠭᠰᠡᠯ ᠤᠨ ᠦᠢᠯᠡᠳᠪᠦᠷᠢ ᠶᠢᠨ ᠨᠡᠷᠡᠲᠦ | ᠦᠢᠯᠡᠳᠪᠦᠷᠢ ᠶᠢᠨ ᠬᠠᠶ᠋ᠢᠭ᠂ ᠬᠢᠷᠢ ᠲᠡᠩᠴᠡᠭᠰᠡᠨ ᠦᠨᠡᠮᠯᠡᠯ᠂ ᠦᠢᠯᠡᠳᠪᠦᠷᠢ ᠶᠢᠨ ᠦᠢᠯᠡᠳᠪᠦᠷᠢᠯᠡᠯ ᠤᠨ | ᠵᠥᠪᠰᠢᠶᠡᠷᠡᠯ ᠤᠨ ᠦᠨᠡᠮᠯᠡᠯ ᠪᠤᠶᠤ CCC ᠶᠢᠨ ᠭᠡᠷᠡᠴᠢᠯᠡᠭᠡ ᠶᠢᠨ ᠲᠡᠮᠳᠡᠭ᠂ ᠭᠠᠯ ᠤᠨᠲᠠᠷᠠᠭᠠᠬᠤ | ᠬᠠᠮᠠᠭᠠᠯᠠᠯᠲᠠ ᠶᠢᠨ ᠲᠥᠬᠦᠭᠡᠷᠦᠮᠵᠢ ᠵᠡᠷᠭᠡ ᠪᠠᠶᠢᠳᠠᠯ ᠳᠤ ᠭᠤᠣᠯᠳᠠᠯᠭ᠎ᠠ ᠲᠠᠢ ᠪᠠᠷ ᠪᠠᠶᠢᠴᠠᠭᠠᠯᠲᠠ ᠬᠢᠪᠡ᠃ ︽ᠭᠤᠷᠪᠠ | ᠦᠭᠡᠶ︾ ᠪᠠ ᠠᠯᠪᠠᠳᠠᠯᠭ᠎ᠠ ᠶᠢᠨ ᠴᠢᠨᠠᠷᠲᠠᠶ ᠭᠡᠷᠡᠴᠢᠯᠡᠭᠡ ᠳᠤ ᠨᠡᠶᠢᠴᠡᠬᠦ ᠦᠭᠡᠶ᠂ ᠤᠯᠤᠰ ᠤᠨ ᠪᠠᠷᠢᠮᠵᠢᠶ᠎ᠠ ᠳᠤ | ᠨᠡᠶᠢᠴᠡᠬᠦ ᠦᠭᠡᠶ ᠵᠢᠴᠢ ᠶᠠᠰᠤ ᠴᠢᠨᠠᠷ ᠤᠨ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠭ᠎ᠠ ᠦᠢᠯᠡᠳᠬᠦᠨ ᠢ | ᠴᠢᠩᠭ᠎ᠠ ᠪᠠᠶᠢᠴᠠᠭᠠᠨ ᠰᠢᠢᠳᠪᠤᠷᠢᠯᠡᠵᠦ᠂ ᠲᠤᠰ ᠲᠥᠷᠥᠯ ᠤᠨ ᠦᠢᠯᠡᠳᠬᠦᠨ ᠤ ᠵᠠᠬ᠎ᠠ ᠳᠡᠯᠭᠡᠭᠦᠷ ᠲᠤ ᠣᠷᠣᠬᠤ ᠶᠢ | ᠴᠢᠩᠭ᠎ᠠ ᠰᠡᠷᠭᠡᠶᠢᠯᠡᠨ᠎ᠡ᠃ ᠡᠭᠦᠨ ᠤ ᠬᠠᠮᠲᠤ᠂ ᠰᠢᠲᠠᠮᠠᠬᠠᠶ ᠬᠡᠶ ᠶᠢᠨ ᠵᠤᠤᠬ᠎ᠠ ᠶᠢᠨ ᠬᠡᠷᠡᠭᠰᠡᠯ ᠢ ᠪᠣᠷᠣᠯᠠᠭᠤᠯᠬᠤ | ᠨᠢᠭᠡᠴᠡ ᠳᠤ ᠪᠥᠬᠦ ᠲᠠᠯ᠎ᠠ ᠪᠠᠷ ᠪᠠᠶᠢᠳᠠᠯ ᠢ ᠤᠶᠢᠯᠠᠭᠠᠨ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠰᠢᠲᠠᠮᠠᠬᠠᠶ | ᠬᠡᠶ ᠶᠢᠨ ᠵᠤᠤᠬ᠎ᠠ ᠶᠢᠨ ᠬᠡᠷᠡᠭᠰᠡᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠡᠬᠡ ᠲᠠᠩᠰᠠ ᠶᠢ ᠪᠠᠶᠢᠭᠤᠯᠤᠨ᠂ | ᠡᠯ᠎ᠡ ᠡᠵᠡᠩᠨᠡᠯᠲᠡ ᠶᠢᠨ ᠭᠤᠤᠯ ᠴᠣᠭᠴᠠ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠦᠢᠯᠡᠳᠬᠦᠨ ᠤ ᠶᠠᠰᠤ ᠴᠢᠨᠠᠷ ᠤᠨ ᠬᠠᠤᠯᠢ︾᠂ ︽ᠪᠠᠷᠢᠮᠵᠢᠶᠠᠵᠢᠭᠤᠯᠬᠤ ᠶᠢ ᠬᠡᠷᠡᠭᠵᠢᠭᠦᠯᠬᠦ ᠲᠦᠷᠢᠮ︾ ᠵᠡᠷᠭᠡ | ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠤᠭᠤᠰᠢᠯᠠᠭᠤᠯᠵᠦ᠂ ᠲᠡᠳᠡᠨ ᠢ ᠰᠢᠮᠳᠠᠭᠤᠯᠤᠨ ᠰᠢᠲᠠᠮᠠᠬᠠᠶ | ᠬᠡᠶ ᠶᠢᠨ ᠵᠤᠤᠬ᠎ᠠ ᠶᠢᠨ ᠪᠠᠭᠠᠵᠢ ᠬᠡᠷᠡᠭᠰᠡᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠦᠵᠡᠯ ᠤᠬᠠᠮᠰᠠᠷ ᠢ ᠨᠢ | ᠳᠡᠭᠡᠭᠰᠢᠯᠡᠭᠦᠯᠵᠦ᠂ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠭᠤᠤᠯ ᠴᠣᠭᠴᠠ ᠶᠢᠨ | ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠤᠨ᠎ᠠ᠃ ᠣᠲᠣ ᠪᠣᠯᠲᠠᠯ᠎ᠠ᠂ ᠰᠢᠲᠠᠮᠠᠬᠠᠶ ᠬᠡᠶ ᠶᠢᠨ ᠪᠠᠭᠠᠵᠢ | ᠡᠵᠡᠩᠨᠡᠯᠲᠡ ᠶᠢᠨ ᠨᠢᠭᠡᠴᠡ ᠶᠢ ᠨᠡᠶᠢᠲᠡ 49 ᠪᠠᠶᠢᠴᠠᠭᠠᠵᠤ᠂ ᠣᠨᠴᠠ ᠵᠠᠷᠢᠮ ᠡᠵᠡᠩᠨᠡᠯᠲᠡ ᠶᠢᠨ ᠨᠢᠭᠡᠴᠡ ᠳᠤ ᠡᠬᠡ | ᠲᠠᠩᠰᠠᠨ ᠳᠤ ᠦᠯᠡᠳᠡᠭᠡᠭᠰᠡᠨ ᠲᠡᠮᠳᠡᠭᠯᠡᠯ ᠨᠢ ᠪᠦᠷᠢᠨ ᠪᠤᠰᠤ ᠪᠠᠶᠢᠬᠤ ᠠᠰᠠᠭᠤᠳᠠᠯ ᠳᠤ ᠴᠢᠭᠯᠡᠭᠦᠯᠦᠨ᠂ ᠨᠢᠭᠡᠨᠲᠡ | ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠴᠡᠭᠴᠡᠯᠡᠨ ᠥᠭᠡᠷᠡᠴᠢᠯᠡᠭᠦᠯᠪᠡ᠃ ᠳᠠᠷᠠᠭᠠᠴᠢ ᠶᠢᠨ ᠠᠯᠬᠤᠮ ᠳᠤ᠂ | ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠢᠲᠠᠮᠠᠬᠠᠢ ᠬᠡᠢ ᠶᠢᠨ ᠵᠤᠤᠬ᠎ᠠ ᠶᠢᠨ | ᠬᠡᠷᠡᠭᠰᠡᠯ ᠢ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠢᠲᠠᠮᠠᠬᠠᠢ ᠬᠡᠢ ᠶᠢᠨ ᠪᠠᠭᠠᠵᠢ | ᠬᠡᠷᠡᠭᠰᠡᠯ ᠤᠨ ᠦᠢᠯᠡᠳᠪᠦᠷᠢᠯᠡᠭᠴᠢ ᠪᠠ ᠪᠣᠷᠣᠯᠠᠭᠤᠯᠤᠭᠴᠢ ᠶᠢᠨ ᠦᠢᠯᠡᠳᠬᠦᠨ ᠤ ᠶᠠᠰᠤ ᠴᠢᠨᠠᠷ ᠤᠨ ᠠᠮᠤᠷ | ᠲᠦᠪᠰᠢᠨ ᠤ ᠬᠠᠷᠢᠭᠤᠴᠠᠯᠭ᠎ᠠ ᠶᠢᠨ ᠤᠬᠠᠮᠰᠠᠷ ᠢ ᠳᠡᠭᠡᠭᠰᠢᠯᠡᠭᠦᠯᠵᠦ᠂ ᠳᠠᠯᠳᠠ ᠰᠢᠲᠠᠮᠠᠬᠠᠢ ᠬᠡᠢ ᠶᠢᠨ ᠪᠠᠭᠠᠵᠢ | ᠬᠡᠷᠡᠭᠰᠡᠯ ᠤᠨ ᠶᠠᠰᠤ ᠴᠢᠨᠠᠷ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠬᠡᠮ ᠰᠣᠭᠤᠭ ᠢ ᠰᠡᠷᠭᠡᠶᠢᠯᠡᠨ | ᠠᠷᠢᠯᠭᠠᠵᠤ᠂ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ | ᠥᠷᠭᠡᠨ ᠤᠯᠠᠨ ᠠᠷᠠᠳ ᠲᠦᠮᠡᠨ ᠤ ᠪᠡᠶ᠎ᠡ ᠮᠠᠬᠠᠪᠣᠳ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠨ᠎ᠠ᠃ | | | | | |