| 7 ᠰᠠᠷ᠎ᠠ ᠶᠢᠨ 7 ᠤ ᠦᠳᠡ ᠶᠢᠨ ᠡᠮᠦᠨ᠎ᠡ᠂ 2024 ᠣᠨ ᠤ ᠪᠦᠬᠦ ᠬᠤᠳᠠ ᠶᠢᠨ ᠭᠤᠣᠯᠳᠠᠯᠭ᠎ᠠ ᠲᠠᠢ ᠲᠦᠷᠦᠯ | ᠵᠦᠢᠯ ᠤᠨ ᠪᠠᠶᠢᠭᠤᠯᠤᠯᠲᠠ ᠶᠢ ᠠᠬᠢᠭᠤᠯᠬᠤ ᠬᠤᠷᠠᠯ ᠨᠢᠩᠴᠧᠩ ᠰᠢᠶᠠᠨ ᠳᠤ ᠡᠬᠢᠯᠡᠪᠡ᠃ ᠬᠤᠷᠠᠯ ᠳᠤ | ᠣᠷᠣᠯᠴᠠᠭᠰᠠᠳ ᠰᠢᠨ᠎ᠡ ᠡᠨᠧᠷᠭᠢ᠂ ᠤᠳᠤ ᠦᠶ᠎ᠡ ᠶᠢᠨ ᠬᠥᠳᠡᠭᠡ ᠠᠵᠤ ᠠᠬᠤᠢ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡ᠂ ᠰᠣᠶᠣᠯ ᠵᠢᠭᠤᠯᠴᠢᠯᠠᠯ | ᠡᠷᠡᠭᠦᠯᠵᠢᠯ ᠰᠤᠪᠢᠯᠠᠯᠲᠠ ᠵᠡᠷᠭᠡ ᠬᠦᠷᠢᠶᠡᠨ ᠤ ᠰᠢᠯᠢᠳᠡᠭ ᠲᠦᠷᠦᠯ ᠵᠦᠢᠯ ᠤᠨ ᠲᠣᠭᠤᠷᠢᠨ ᠳᠤ ᠲᠤᠬᠠᠢ ᠶᠢᠨ | ᠭᠠᠵᠠᠷ ᠲᠤᠨᠢ ᠲᠣᠭᠤᠷᠢᠨ ᠦᠵᠡᠵᠦ᠂ ᠡᠳᠡᠭᠡᠷ ᠲᠦᠷᠦᠯ ᠵᠦᠢᠯ ᠤᠨ ᠬᠢᠯᠠᠰ ᠴᠡᠭ ᠤᠯᠠᠨ᠂ ᠬᠥᠭᠵᠢᠯᠲᠡ ᠶᠢᠨ | ᠢᠷᠡᠭᠡᠳᠦᠢ ᠥᠷᠭᠡᠨ᠂ ᠮᠠᠨ ᠤ ᠬᠤᠳᠠ ᠶᠢᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠬᠤ ᠳᠤ | ᠰᠢᠨ᠎ᠡ ᠬᠥᠳᠡᠯᠭᠡᠬᠦ ᠬᠦᠴᠦᠨ ᠢ ᠬᠤᠷᠠᠮᠳᠤᠭᠤᠯᠵᠤ᠂ ᠤᠯᠠᠭᠠᠨᠬᠠᠳᠠ ᠶᠢᠨ ᠴᠢᠨᠠᠷ ᠰᠠᠶᠢᠲᠠᠢ ᠬᠥᠭᠵᠢᠯᠲᠡ ᠶᠢᠨ | ᠠᠮᠢᠵᠢᠷᠠᠯ ᠤᠨ ᠬᠦᠴᠦᠨ ᠢ ᠢᠯᠡᠷᠡᠭᠦᠯᠪᠡ᠃ ᠬᠤᠷᠠᠯ ᠤᠨ ᠬᠤᠭᠤᠴᠠᠭᠠᠨ ᠳᠤ᠂ ᠤᠯᠠᠨ ᠢᠶᠠᠷ ᠢᠶᠠᠨ ᠦᠷ᠎ᠡ | ᠪᠦᠲᠦᠮᠵᠢ ᠶᠢ ᠦᠵᠡᠬᠦ᠂ ᠬᠢᠯᠠᠰ ᠴᠡᠭ ᠢ ᠦᠵᠡᠬᠦ᠂ ᠠᠮᠵᠢᠯᠲᠠ ᠪᠠᠨ ᠦᠵᠡᠬᠦ ᠪᠠᠷ ᠳᠠᠮᠵᠢᠭᠤᠯᠵᠤ᠂ ᠲᠤᠷᠰᠢᠯᠭ᠎ᠠ ᠪᠠᠨ | ᠤᠯᠠᠮ ᠴᠢᠨᠠᠭᠰᠢᠳᠠ ᠳ᠋ᠦᠩᠨᠡᠵᠦ᠂ ᠵᠦᠷᠢᠶ᠎ᠡ ᠪᠠᠨ ᠣᠨᠣᠪᠴᠢᠲᠠᠢ ᠡᠷᠢᠵᠦ᠂ ᠪᠦᠬᠦ ᠬᠤᠳᠠ ᠶᠢᠨ ᠥᠷᠭᠡᠨ ᠤᠯᠠᠨ | ᠺᠠᠳ᠋ᠷ ᠢ ᠬᠦᠴᠦᠲᠡᠢ ᠲᠠᠶᠢᠴᠢᠯᠠᠨ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠬᠤ ᠳᠤᠮᠳᠠ ᠡᠷᠴᠢ ᠵᠣᠷᠢᠭ ᠢᠶᠠᠨ | ᠭᠦᠢᠴᠡᠳ ᠪᠠᠳᠠᠷᠠᠭᠤᠯᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ | ᠪᠠᠶᠢᠭᠤᠯᠤᠯᠲᠠ ᠶᠢ ᠨᠡᠩ ᠰᠠᠶᠢᠲᠤᠷ ᠠᠬᠢᠭᠤᠯᠵᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠬᠠᠷᠠᠯᠲᠠ ᠡᠭᠦᠷᠭᠡ ᠶᠢ ᠪᠡᠶᠡᠯᠡᠭᠦᠯᠬᠦ ᠪᠠᠷ ᠴᠢᠷᠮᠠᠶᠢᠨ᠎ᠠ᠃ |