| ᠨᠢᠭᠡ ᠳᠤ᠂ ︽ᠵᠣᠬᠢᠶᠠᠨ ᠪᠠᠶᠢᠭᠤᠯᠤᠯᠲᠠ ᠶᠢᠨ ᠬᠦᠷᠢᠶ᠎ᠡ︾ ᠶᠢ ᠪᠣᠳᠠᠲᠠᠶᠢᠵᠢᠭᠤᠯᠵᠤ᠂ ᠠᠵᠢᠯ ᠣᠯᠭᠤᠵᠤ ᠠᠳᠠᠯ | ᠦᠢᠯᠡᠰ ᠴᠣᠭᠴᠠᠯᠠᠬᠤ ︽ᠰᠢᠨ᠎ᠡ ᠬᠥᠳᠡᠯᠭᠡᠭᠦᠷ︾ ᠢ ᠪᠠᠲᠤ ᠴᠣᠭᠴᠠᠯᠠᠨ᠎ᠠ᠃ ᠠᠵᠢᠯ ᠣᠯᠭᠤᠯᠲᠠ ᠶᠢᠨ ᠠᠵᠢᠯ ᠢ ︽ | ᠰᠢᠶᠠᠨ ᠤ ᠨᠠᠮ ᠤᠨ ᠬᠤᠷᠢᠶ᠎ᠠ ᠵᠠᠰᠠᠭ ᠤᠨ ᠣᠷᠳᠣᠨ - ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ - | ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠶ ᠡᠭᠦᠷ - ᠭᠡᠰᠡᠭ ᠬᠠᠮᠢᠶᠠᠷᠤᠬᠴᠢ ᠶᠢᠨ ᠨᠠᠮ ᠤᠨ ᠡᠭᠦᠷ - | ᠬᠤᠷᠢᠶᠠᠯᠠᠯ ᠤᠨ ᠨᠠᠮ ᠤᠨ ᠳᠤᠭᠤᠶᠢᠯᠠᠩ - ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠤᠭᠴᠢ︾ | ᠵᠢᠷᠭᠤᠭᠠᠨ ᠱᠠᠲᠤᠨ ᠤ ᠲᠤᠤᠷᠴᠢᠯᠠᠭᠰᠠᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠳᠤ ᠣᠷᠣᠭᠤᠯᠵᠤ᠂ ᠡᠯ᠎ᠡ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠣᠯᠭᠤᠯᠲᠠ ᠶᠢᠨ ᠲᠦᠰᠢᠭ ᠲᠤᠯᠭᠠᠭᠤᠷᠢ ᠶᠢ ᠠᠬᠢᠭᠤᠯᠬᠤ | ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠲᠡᠮᠦᠷ ᠵᠠᠮ ᠤᠨ ᠪᠠᠷᠠᠭᠤᠨᠳᠡᠬᠢ ᠵᠡᠭᠡᠯᠢ ᠭᠤᠳᠤᠮᠵᠢ ᠶᠢᠨ | ᠤᠶᠤᠨᠴᠢᠯᠠᠭᠰᠠᠨ ᠨᠡᠶᠢᠭᠡᠮ ᠲᠣᠭᠤᠷᠢᠭ ᠤᠨ ᠬᠢᠨ ᠤᠷᠢᠳᠠᠪᠠᠷ ᠲᠤᠷᠰᠢᠯᠲᠠ ᠬᠢᠵᠦ᠂ ᠲᠣᠣᠷᠵᠢᠯ ᠢ ᠨᠠᠷᠢᠯᠢᠭᠵᠢᠭᠤᠯᠵᠤ᠂ | ︽ᠬᠤᠶᠠᠷ ᠳᠣᠣᠷ᠎ᠠ ᠬᠤᠶᠠᠷ ᠥᠨᠳᠥᠷ︾ ᠤᠨ ᠬᠠᠮᠲᠤᠯᠢᠭ ᠢ ᠲᠣᠭᠲᠠᠭᠠᠵᠤ᠂ ᠬᠠᠷᠢᠶ᠎ᠠ ᠣᠷᠣᠨ ᠤ ᠳᠣᠲᠣᠷᠠᠬᠢ | ᠬᠤᠳᠠᠯᠳᠤᠭᠠᠨ ᠤ ᠬᠡᠳᠦ ᠳᠡᠯᠭᠡᠭᠦᠷ᠂ ᠡᠭᠦᠳᠡᠨ ᠳᠡᠯᠭᠡᠭᠦᠷ ᠲᠠᠢ ᠵᠣᠯᠭᠠᠭᠤᠯᠵᠤ᠂ ᠤᠨᠢᠨ ᠳᠡᠭᠡᠷ᠎ᠡ ᠨᠢ ᠪᠠᠶᠢᠴᠠᠭᠠᠨ | ᠵᠢᠭᠰᠠᠭᠠᠵᠤ᠂ ᠠᠵᠢᠯᠲᠠᠨ ᠡᠯᠰᠡᠬᠦ ᠮᠡᠳᠡᠭᠡ ᠵᠠᠩᠭᠢ ᠶᠢ ᠨᠡᠶᠢᠳᠬᠡᠵᠦ᠂ ᠠᠵᠢᠯᠴᠢᠨ ᠬᠡᠷᠡᠭᠯᠡᠬᠦ ᠬᠡᠷᠡᠭᠴᠡᠭᠡ ᠶᠢ ᠠᠵᠢᠯ | ᠣᠯᠭᠤᠯᠲᠠ ᠶᠢᠨ ᠬᠡᠷᠡᠭᠴᠡᠭᠡ ᠱᠠᠭᠠᠷᠳᠠᠯᠭ᠎ᠠ ᠲᠠᠢ ᠤᠨᠢᠨ ᠳᠡᠭᠡᠷ᠎ᠡ ᠨᠢ ᠵᠣᠬᠢᠴᠠᠭᠤᠯᠵᠤ᠂ ᠠᠵᠢᠯ ᠡᠷᠢᠬᠦ ᠠᠵᠢᠯᠴᠢᠨ | ᠬᠡᠷᠡᠭᠯᠡᠬᠦ ᠶᠢ ᠵᠣᠯᠭᠠᠭᠤᠯᠬᠤ ᠲᠠᠪᠴᠠᠩ ᠢ ᠪᠠᠶᠢᠭᠤᠯᠬᠤ ᠶᠢᠨ ᠬᠠᠮᠲᠤ ︽ᠪᠢᠴᠢᠯ ᠪᠣᠯᠪᠠᠰᠤᠷᠠᠯ︾ ᠤᠨ ᠠᠵᠢᠯᠯᠠᠭ᠎ᠠ ᠶᠢ | ᠢᠳᠡᠪᠬᠢᠲᠡᠢ ᠥᠷᠨᠢᠭᠦᠯᠵᠦ᠂ ᠰᠠᠭᠤᠭᠠᠯᠢ ᠠᠷᠠᠳ ᠤᠨ ᠠᠵᠢᠯ ᠣᠯᠭᠤᠯᠲᠠ ᠶᠢᠨ ᠤᠷ᠎ᠠ ᠴᠢᠳᠠᠪᠤᠷᠢ ᠶᠢ ᠳᠡᠭᠡᠭᠰᠢᠯᠡᠭᠦᠯᠪᠡ | ᠃ ᠣᠳᠣᠬᠠᠨ ᠳᠤ᠂ ᠨᠡᠶᠢᠲᠡ 320 ᠡᠷᠦᠬᠡ ᠶᠢᠨ 1100 ᠭᠠᠷᠤᠶ ᠬᠥᠮᠦᠨ ᠢ ᠪᠠᠶᠢᠴᠠᠭᠠᠨ ᠭᠠᠷᠭᠠᠵᠤ᠂ | ᠡᠯᠧᠺᠲᠷᠣᠨ ᠬᠤᠳᠠᠯᠳᠤᠭ᠎ᠠ᠂ ᠭᠡᠷ ᠤᠨ ᠶᠠᠪᠤᠳᠠᠯ ᠤᠨ ᠦᠢᠯᠡᠴᠢᠯᠡᠭᠡ ᠵᠡᠷᠭᠡ ᠲᠤᠰᠬᠠᠶ ᠮᠡᠷᠭᠡᠵᠢᠯ ᠤᠨ ᠪᠣᠯᠪᠠᠰᠤᠷᠠᠯ ᠢ | 18 ᠬᠤᠭᠤᠴᠠᠭ᠎ᠠ ᠵᠣᠬᠢᠶᠠᠨ ᠪᠠᠶᠢᠭᠤᠯᠵᠤ᠂ 200 ᠭᠠᠷᠤᠶ ᠬᠥᠮᠦᠨ ᠮᠡᠷᠭᠡᠵᠢᠯ ᠤᠨ ᠪᠣᠯᠪᠠᠰᠤᠷᠠᠯ ᠳᠤ ᠣᠷᠣᠯᠴᠠᠵᠤ᠂ | ᠠᠵᠢᠯ ᠣᠯᠵᠤ ᠠᠳᠠᠯ ᠦᠢᠯᠡᠰ ᠴᠣᠭᠴᠠᠯᠠᠭᠰᠠᠨ ᠨᠤᠷᠮ᠎ᠠ 100% ᠳᠤ ᠬᠦᠷᠴᠡᠶ᠃ ᠬᠤᠶᠠᠷ ᠲᠤ᠂ ︽ | ᠦᠢᠯᠡᠴᠢᠯᠡᠭᠡᠨ ᠤ ᠬᠦᠷᠢᠶ᠎ᠡ︾ ᠶᠢ ᠪᠠᠶᠢᠭᠤᠯᠵᠤ ᠦᠨᠳᠦᠰᠦᠨ ᠱᠠᠲᠤᠨ ᠤ ᠵᠠᠰᠠᠯᠲᠠ ᠶᠢᠨ ︽ᠴᠢᠩᠭ᠎ᠠ ᠰᠣᠷᠢᠨᠵᠢᠨ | ᠣᠷᠣᠨ︾ ᠢ ᠨᠢᠭᠲᠠᠷᠠᠭᠤᠯᠪᠠ᠃ ︽ᠪᠢᠴᠢᠯ ᠠᠵᠢᠯ ᠣᠯᠭᠤᠯᠲᠠ ᠶᠢ ᠥᠷᠭᠡᠳᠬᠡᠬᠦ︾᠂ ︽ᠪᠢᠴᠢᠯ ᠠᠳᠠᠯ ᠦᠢᠯᠡᠰ | ᠴᠣᠭᠴᠠᠯᠠᠬᠤ ᠶᠢ ᠳᠡᠮᠵᠢᠬᠦ︾᠂ ︽ᠰᠢᠨ᠎ᠡ ᠶᠢ ᠡᠭᠦᠳᠬᠦ ᠪᠢᠴᠢᠯ ᠵᠣᠬᠢᠶᠠᠨ ᠪᠠᠶᠢᠭᠤᠯᠤᠯᠲᠠ︾᠂ ︽ᠪᠣᠯᠪᠠᠰᠤᠷᠠᠯ ᠤᠨ | ᠪᠢᠴᠢᠯ ᠤᠷ᠎ᠠ ᠴᠢᠳᠠᠪᠤᠷᠢ︾᠂ ︽ᠪᠢᠴᠢᠯ ᠦᠢᠯᠡᠴᠢᠯᠡᠭᠡ ᠶᠢ ᠰᠢᠯᠢᠳᠡᠭᠵᠢᠭᠦᠯᠬᠦ︾ ᠲᠠᠪᠤᠨ ᠵᠦᠢᠯ ᠤᠨ | ᠦᠢᠯᠡᠴᠢᠯᠡᠭᠡᠨ ᠤ ᠵᠠᠭᠪᠤᠷ ᠤᠨ ᠲᠣᠭᠤᠷᠢᠨ ᠳᠤ᠂ ︽ᠨᠢᠩᠴᠧᠩ ᠤᠨ ᠰᠠᠷ᠎ᠠ ᠳᠤ ᠰᠠᠭᠤᠬᠴᠢ ᠶᠢ ᠠᠰᠠᠷᠠᠬᠤ ᠪᠡᠷᠭᠡᠨ︾ | ︽ᠬᠢᠳᠠᠨ ᠬᠠᠳᠬᠤᠮᠠᠯ︾ ᠵᠡᠷᠭᠡ 3 ᠡᠮᠡᠭᠲᠡᠶᠢᠴᠦᠳ ᠤᠨ ᠠᠮᠢᠳᠤᠯᠢᠭ ᠢᠶᠠᠷ ᠠᠵᠢᠯ ᠣᠯᠭᠤᠬᠤ ᠴᠡᠭ ᠢ ᠪᠠᠶᠢᠭᠤᠯᠵᠤ᠂ | ᠠᠯᠢ ᠣᠯᠠᠨ ︽ᠪᠢᠴᠢᠯ ᠵᠢᠭᠰᠠᠭᠠᠯ ᠤᠨ ᠭᠠᠵᠠᠷ︾ ᠤᠨ ᠪᠠᠶᠢᠭᠤᠯᠤᠯᠲᠠ ᠪᠠᠷ ᠳᠠᠮᠵᠢᠭᠤᠯᠤᠨ᠂ ︽ᠨᠡᠶᠢᠭᠡᠮ | ᠲᠣᠭᠤᠷᠢᠭ ᠤᠨ ᠪᠢᠴᠢᠯ ᠠᠵᠤ ᠦᠢᠯᠡᠰ︾ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠬᠦᠴᠦᠯᠡᠨ | ᠠᠬᠢᠭᠤᠯᠵᠤ᠂ ᠰᠠᠭᠤᠭᠠᠯᠢ ᠠᠷᠠᠳ ᠲᠤ ᠬᠡᠷ ᠠᠴᠠ ᠪᠠᠨ ᠤᠶᠢᠷᠬᠠᠨ ᠴᠢᠨᠠᠷ ᠰᠠᠶᠢᠲᠠᠶ ᠠᠵᠢᠯ ᠣᠯᠵᠤ ᠠᠳᠠᠯ ᠦᠢᠯᠡᠰ | ᠴᠣᠭᠴᠠᠯᠠᠬᠤ ᠦᠢᠯᠡᠴᠢᠯᠡᠭᠡ ᠬᠠᠩᠭᠠᠪᠠ᠃ ᠭᠤᠷᠪᠠ ᠳᠤ᠂ ︽ᠰᠢᠨ᠎ᠡ ᠶᠢ ᠡᠭᠦᠳᠬᠦ ᠲᠣᠭᠤᠷᠢᠭ︾ ᠢ ᠬᠥᠭᠵᠢᠭᠡᠵᠦ | ᠨᠡᠶᠢᠭᠡᠮ ᠲᠣᠭᠤᠷᠢᠭ ᠤᠨ ᠪᠢᠴᠢᠯ ᠠᠵᠤ ᠦᠢᠯᠡᠰ ᠤᠨ ︽ᠲᠠᠰ ᠳᠡᠪᠰᠢᠭᠰᠡᠨ ᠬᠡᠪ︾ ᠨᠢ ᠠᠷᠠᠳ ᠲᠤ ᠲᠥᠬᠦᠮ | ᠦᠵᠡᠭᠦᠯᠬᠦ ᠦᠢᠯᠡᠴᠢᠯᠡᠭᠡᠨ ᠤ ᠲᠥᠪ ᠲᠤ ᠲᠦᠰᠢᠭᠯᠡᠨ᠂ ᠨᠢᠭᠡ ᠯᠡ ᠥᠷᠲᠡᠭᠡᠨ ᠤ ᠮᠠᠶ᠋ᠢᠭ ᠤᠨ ᠦᠢᠯᠡᠴᠢᠯᠡᠭᠡᠨ ᠤ | ᠴᠣᠩᠬᠤ ᠭᠠᠷᠭᠠᠵᠤ᠂ ᠠᠵᠢᠯ ᠣᠯᠭᠤᠯᠲᠠ ᠶᠢᠨ ᠲᠤᠰᠬᠠᠢ ᠲᠤᠰᠢᠶᠠᠯᠲᠠᠨ ᠠᠴᠠ ᠨᠡᠶᠢᠭᠡᠮ ᠲᠣᠭᠤᠷᠢᠭ ᠤᠨ ᠰᠠᠭᠤᠭᠠᠯᠢ | ᠠᠷᠠᠳ ᠤᠨ ᠠᠵᠢᠯ ᠡᠷᠢᠬᠦ ᠳᠠᠩᠰᠠᠯᠠᠯᠲᠠ᠂ ᠪᠣᠯᠪᠠᠰᠤᠷᠠᠯ ᠤᠨ ᠬᠡᠷᠡᠭᠴᠡᠭᠡ ᠱᠠᠭᠠᠷᠳᠠᠯᠭ᠎ᠠ᠂ ᠠᠳᠠᠯ ᠦᠢᠯᠡᠰ | ᠴᠣᠭᠴᠠᠯᠠᠬᠤ ᠶᠢ ᠲᠡᠳᠬᠦᠬᠦ ᠵᠡᠷᠭᠡ ᠬᠡᠷᠡᠭᠴᠡᠭᠡ ᠱᠠᠭᠠᠷᠳᠠᠯᠭ᠎ᠠ ᠶᠢᠨ ᠮᠡᠳᠡᠭᠡ ᠵᠠᠩᠭᠢ ᠶᠢ ᠴᠠᠭ ᠢᠮᠠᠭᠲᠠ ᠭᠥᠯᠢᠶᠡᠨ | ᠠᠪᠴᠤ ᠰᠢᠢᠳᠪᠦᠷᠢᠯᠡᠵᠦ᠂ ︽ᠪᠥᠬᠦ ᠬᠡᠯᠬᠢᠶ᠎ᠡ︾ ᠶᠢᠨ ᠮᠠᠶ᠋ᠢᠭ ᠤᠨ ᠠᠵᠢᠯ ᠣᠯᠭᠤᠯᠲᠠ ᠶᠢᠨ ᠦᠢᠯᠡᠴᠢᠯᠡᠭᠡ | ᠬᠠᠩᠭᠠᠨ᠎ᠠ᠃ ︽ᠥᠨᠥᠳᠦᠷ ᠤᠨ ᠨᠢᠩᠴᠧᠩ︾᠂ ︽ᠨᠢᠩᠴᠧᠩ ᠤᠨ ᠬᠠᠮ ᠵᠠᠭᠤᠴᠢᠯᠠᠭᠤᠷ︾ ᠤᠨ ᠰᠢᠭᠤᠳ | ᠨᠡᠪᠲᠡᠷᠡᠭᠦᠯᠭᠡ ᠶᠢᠨ ᠳ᠋ᠤᠭᠠᠷ᠂ ᠣᠯᠠᠨ ᠨᠡᠶᠢᠲᠡ ᠶᠢᠨ ᠳ᠋ᠤᠭᠠᠷ ᠵᠡᠷᠭᠡ ᠰᠦᠯᠵᠢᠶᠡᠨ ᠳᠡᠭᠡᠷᠡᠬᠢ ᠲᠠᠪᠴᠠᠩ ᠢᠶᠠᠷ | ᠳᠠᠮᠵᠢᠭᠤᠯᠤᠨ᠂ ᠰᠠᠭᠤᠭᠠᠯᠢ ᠠᠷᠠᠳ ᠬᠡᠷ ᠲᠤ ᠪᠠᠨ ᠳᠠᠷᠤᠶ ᠨᠢᠭᠡ ᠥᠷᠲᠡᠭᠡ ᠮᠠᠶ᠋ᠢᠭ ᠤᠨ ᠠᠵᠢᠯ ᠮᠡᠷᠭᠡᠵᠢᠯ ᠤᠨ | ᠵᠢᠯᠣᠭᠤᠳᠣᠯᠭ᠎ᠠ ᠪᠠ ᠠᠳᠠᠯ ᠦᠢᠯᠡᠰ ᠴᠣᠭᠴᠠᠯᠠᠬᠤ ᠦᠢᠯᠡᠴᠢᠯᠡᠭᠡ ᠭᠥᠷᠳᠡᠨ᠎ᠠ᠃ ᠣᠳᠣᠬᠠᠨ ᠳᠤ᠂ ᠠᠵᠢᠯ ᠣᠯᠭᠤᠬᠤ | ᠮᠡᠳᠡᠭᠡ ᠵᠠᠩᠭᠢ ᠶᠢ ᠴᠠᠭ ᠲᠤᠬᠠᠶ ᠳᠤᠨᠢ ᠴᠤᠭᠯᠠᠭᠤᠯᠵᠤ᠂ ᠠᠵᠢᠯ ᠡᠷᠢᠬᠦ ᠬᠡᠷᠡᠭᠴᠡᠭᠡ ᠱᠠᠭᠠᠷᠳᠠᠯᠭ᠎ᠠ ᠶᠢ 300 ᠭᠠᠷᠤᠶ | ᠵᠤᠷᠪᠤᠰ ᠴᠠᠭ ᠲᠤᠬᠠᠶ ᠳᠤᠨᠢ ᠨᠡᠶᠢᠲᠡᠯᠡᠵᠦ᠂ 98 ᠡᠳᠦᠷ ᠤᠨ ᠮᠡᠳᠡᠭᠡ ᠵᠠᠩᠭᠢ ᠶᠢ ᠳᠡᠩᠰᠡᠯᠡᠵᠦ᠂ ᠠᠮᠢᠳᠤᠯᠢᠭ ᠢᠶᠠᠷ | ᠠᠵᠢᠯ ᠣᠯᠤᠭᠰᠠᠳ ᠲᠤ 500 ᠭᠠᠷᠤᠶ ᠤᠳᠠᠭ᠎ᠠ ᠠᠵᠢᠯ ᠣᠯᠭᠤᠬᠤ ᠦᠢᠯᠡᠴᠢᠯᠡᠭᠡ ᠬᠠᠩᠭᠠᠵᠤ ᠪᠠᠶᠢᠨ᠎ᠠ᠃ |