| ᠨᠢᠩᠴᠧᠩ ᠰᠢᠶᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠨᠢ ᠬᠤᠷᠬᠤᠭ ᠪᠠᠯᠭᠠᠰᠤ ᠪᠠᠷ ᠲᠤᠷᠰᠢᠯᠲᠠ ᠶᠢᠨ | ᠴᠡᠭ ᠪᠣᠯᠭᠠᠨ ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠵᠣᠬᠢᠶᠠᠨ ᠪᠠᠶᠢᠭᠤᠯᠤᠯᠲᠠ ᠶᠢᠨ | ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠥᠷᠭᠡᠨ ᠤᠯᠠᠨ ᠡᠮᠡᠭᠲᠡᠶᠢᠴᠦᠳ ᠢ | ᠪᠦᠯᠬᠦᠮᠳᠡᠭᠦᠯᠦᠨ ᠳᠠᠭᠠᠭᠤᠯᠵᠤ ᠢᠳᠡᠪᠬᠢᠲᠡᠢ ᠤᠷᠤᠭᠰᠢᠯᠠᠨ ᠲᠠᠪᠰᠢᠵᠦ᠂ ᠬᠥᠳᠡᠭᠡ ᠠᠵᠤ ᠠᠬᠤᠢ ᠶᠢᠨ | ᠦᠢᠯᠡᠳᠪᠦᠷᠢᠯᠡᠯ᠂ ᠨᠡᠶᠢᠭᠡᠮ ᠤᠨ ᠠᠮᠤᠷ ᠲᠦᠪᠰᠢᠨ᠂ ᠰᠣᠶᠣᠯ ᠤᠨ ᠪᠠᠶᠢᠭᠤᠯᠤᠯᠲᠠ ᠵᠡᠷᠭᠡ ᠲᠠᠯ᠎ᠠ ᠪᠠᠷ | ᠡᠮᠡᠭᠲᠡᠶᠢᠴᠦᠳ ᠤᠨ ᠴᠤᠭ ᠵᠢᠪᠬᠤᠭ᠎ᠠ ᠶᠢ ᠭᠦᠢᠴᠡᠳ ᠪᠠᠳᠠᠷᠠᠭᠤᠯᠪᠠ᠃ ᠨᠢᠭᠡ ᠳᠤ᠂ ᠠᠵᠢᠯ ᠤᠨ ᠪᠠᠶᠢᠷᠢ ᠭᠠᠷᠭᠠᠨ | ᠬᠠᠷᠢᠭᠤᠴᠠᠯᠭ᠎ᠠ ᠲᠣᠭᠲᠠᠭᠠᠵᠤ᠂ ︽ᠲᠡᠳᠡᠨ︾ ᠤ ᠦᠢᠯᠡᠳᠦᠯ ᠢ ᠪᠠᠳᠠᠷᠠᠭᠤᠯᠪᠠ᠃ ᠬᠤᠷᠬᠤᠭ ᠪᠠᠯᠭᠠᠰᠤᠨ ᠤ | ᠡᠮᠡᠭᠲᠡᠶᠢᠴᠦᠳ ᠤᠨ ᠬᠤᠯᠪᠣᠭ᠎ᠠ ᠶᠢᠨ ᠭᠦᠢᠴᠡᠳᠬᠡᠬᠦ ᠵᠥᠪᠯᠡᠯ᠂ ᠡᠮᠡᠭᠳᠡᠢ ᠰᠠᠶᠢᠨ ᠲᠤᠷᠠᠴᠤᠳ ᠢ ᠢᠳᠡᠪᠬᠢᠲᠡᠢ | ᠵᠣᠬᠢᠶᠠᠨ ᠪᠠᠶᠢᠭᠤᠯᠵᠤ ᠶᠠᠷᠢᠯᠴᠠᠬᠤ ᠬᠤᠷᠠᠯ ᠬᠤᠷᠠᠯᠳᠤᠭᠤᠯᠬᠤ ᠶᠢᠨ ᠬᠠᠮᠲᠤ ︽ᠡᠮᠡᠭᠲᠡᠶᠢᠴᠦᠳ ᠦᠵᠡᠰᠬᠦᠯᠡᠩᠲᠦ | ᠰᠠᠶᠢᠬᠠᠨ ᠭᠡᠷ ᠣᠷᠣᠨ ᠢᠶᠠᠨ ᠬᠠᠮᠲᠤᠪᠠᠷ ᠪᠠᠶᠢᠭᠤᠯᠬᠤ︾ ᠠᠵᠢᠯᠯᠠᠭ᠎ᠠ ᠶᠢᠨ ᠲᠥᠰᠦᠯ ᠪᠣᠯᠤᠨ ᠠᠵᠢᠯ ᠤᠨ | ᠱᠠᠭᠠᠷᠳᠠᠯᠭ᠎ᠠ ᠶᠢ ᠳᠣᠷᠣᠭᠰᠢ ᠪᠠᠭᠤᠯᠭᠠᠪᠠ᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠳᠤᠭᠤᠶᠢᠯᠠᠩ | ᠬᠤᠪᠢᠶᠠᠨ ᠬᠡᠰᠡᠭ ᠬᠤᠪᠢᠶᠠᠵᠤ᠂ ᠬᠠᠷᠢᠭᠤᠴᠠᠯᠭ᠎ᠠ ᠶᠢ ᠲᠣᠳᠣᠷᠬᠠᠶᠢᠯᠠᠨ᠂ ︽ᠭᠦᠢᠴᠡᠳᠬᠡᠬᠦ ᠵᠥᠪᠯᠡᠯ ᠤᠨ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠠᠮᠠᠯᠠᠯᠲᠠ ᠶᠢᠨ ᠪᠢᠴᠢᠭ︾ ᠲᠤ ᠭᠠᠷ ᠤᠨ ᠦᠰᠦᠭ ᠵᠢᠷᠤᠵᠤ᠂ | ᠡᠮᠡᠭᠲᠡᠶᠢᠴᠦᠳ ᠤᠨ ᠬᠤᠯᠪᠣᠭ᠎ᠠ ᠶᠢᠨ ᠭᠦᠢᠴᠡᠳᠬᠡᠬᠦ ᠵᠥᠪᠯᠡᠯ ᠤᠨ ᠦᠯᠢᠭᠡᠷ ᠳᠠᠭᠤᠷᠢᠶᠠᠯ ᠤᠨ ᠵᠢᠱᠢᠶ᠎ᠡ ᠦᠵᠡᠭᠦᠯᠵᠦ | ᠬᠦᠳᠦᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠥᠪᠡᠷ ᠤᠨ ᠭᠡᠷ ᠰᠠᠭᠤᠴᠠ ᠪᠠᠨ ᠴᠡᠪᠡᠷᠯᠡᠨ | ᠠᠷᠢᠯᠭᠠᠬᠤ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠬᠠᠷᠢᠶᠠᠨ ᠳᠣᠲᠣᠷᠠᠬᠢ ᠡᠯ᠎ᠡ ᠡᠷᠦᠬᠡ ᠶᠢᠨ ︽ᠭᠤᠶᠢᠳᠠ | ᠰᠠᠶᠢᠬᠠᠨ ᠬᠦᠷᠢᠶ᠎ᠡ︾ ᠶᠢ ᠡᠭᠦᠳᠦᠨ ᠪᠠᠶᠢᠭᠤᠯᠬᠤ ᠶᠢ ᠱᠠᠯᠠᠪᠳᠠᠭᠤᠯᠤᠨ ᠵᠢᠯᠣᠭᠤᠳᠴᠤ᠂ ᠪᠣᠳᠠᠲᠤ | ᠠᠵᠢᠯᠯᠠᠭ᠎ᠠ ᠪᠠᠷ ᠢᠶᠠᠨ ᠡᠮᠡᠭᠲᠡᠶᠢᠴᠦᠳ ᠤᠨ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠪᠠᠶᠢᠭᠤᠯᠬᠤ ᠶᠢ | ᠲᠠᠶᠢᠴᠢᠯᠠᠪᠠ᠃ ᠣᠳᠣᠬᠠᠨ ᠳᠤ᠂ ᠪᠦᠬᠦ ᠪᠠᠯᠭᠠᠰᠤᠨ ᠤ 22 ᠲᠣᠰᠬᠤᠨ ᠡᠮᠡᠭᠲᠡᠶᠢᠴᠦᠳ ᠤᠨ ᠬᠤᠯᠪᠣᠭ᠎ᠠ ᠶᠢᠨ | ᠭᠦᠢᠴᠡᠳᠬᠡᠬᠦ ᠵᠥᠪᠯᠡᠯ ᠢ ᠵᠣᠬᠢᠶᠠᠨ ᠪᠠᠶᠢᠭᠤᠯᠵᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠮᠠᠯᠠᠯᠲᠠ ᠶᠢᠨ ᠪᠢᠴᠢᠭ ᠲᠤ | 150 ᠭᠠᠷᠤᠢ ᠬᠤᠪᠢ ᠭᠠᠷ ᠤᠨ ᠦᠰᠦᠭ ᠵᠢᠷᠤᠵᠠᠢ᠃ | ᠬᠤᠶᠠᠷ ᠲᠤ᠂ ᠤᠬᠠᠭᠤᠯᠤᠨ ᠬᠥᠲᠥᠯᠦᠨ ᠵᠢᠯᠣᠭᠤᠳᠴᠤ᠂ ︽ᠲᠡᠳᠡᠨ︾ ᠤ ᠬᠠᠮᠲᠤ ᠶᠢᠨ ᠲᠠᠨᠢᠯᠲᠠ ᠶᠢ | ᠨᠢᠭᠲᠠᠷᠠᠭᠤᠯᠪᠠ᠃ ᠦᠨᠳᠦᠰᠦᠨ ᠱᠠᠲᠤᠨ ᠤ ᠭᠡᠷ ᠪᠦᠯᠢ ᠶᠢᠨ ᠪᠣᠯᠪᠠᠰᠤᠨ ᠤ ᠪᠠᠶᠢᠭᠤᠯᠤᠯᠲᠠ ᠲᠠᠢ ᠤᠶᠠᠯᠳᠤᠭᠤᠯᠵᠤ᠂ | ᠲᠣᠰᠬᠤᠨ ᠤ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢ ᠵᠣᠬᠢᠶᠠᠨ ᠪᠠᠶᠢᠭᠤᠯᠤᠨ ︽ᠡᠮᠡᠭᠲᠡᠶᠢᠴᠦᠳ ᠤᠨ ᠶᠡᠭᠡ | ᠤᠬᠠᠭᠤᠯᠤᠨ ᠲᠠᠶᠢᠯᠪᠤᠷᠢᠯᠠᠬᠤ︾᠂ ︽ᠰᠠᠶᠢᠨ ᠭᠡᠷ ᠤᠨ ᠰᠤᠷᠲᠠᠯ ᠢ ᠲᠠᠷᠢᠶᠠᠴᠢᠨ ᠡᠷᠦᠬᠡ ᠳᠤ ᠣᠷᠣᠭᠤᠯᠬᠤ︾ ᠵᠡᠷᠭᠡ | ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ 10 ᠭᠠᠷᠤᠢ ᠤᠳᠠᠭ᠎ᠠ ᠢᠳᠡᠪᠬᠢᠲᠡᠢ ᠥᠷᠨᠢᠭᠦᠯᠵᠦ᠂ ᠡᠷᠦᠬᠡ ᠳᠤ | ᠣᠷᠣᠵᠤ ᠤᠬᠠᠭᠤᠯᠭ᠎ᠠ ᠶᠢᠨ ᠬᠠᠭᠤᠳᠠᠰᠤ 500 ᠭᠠᠷᠤᠢ ᠬᠤᠪᠢ ᠲᠠᠷᠬᠠᠭᠠᠵᠤ᠂ ᠤᠯᠠᠨ ᠠᠴᠢᠶᠠᠯᠠᠪᠤᠷᠢ ᠶᠢ | ᠠᠰᠢᠭᠯᠠᠨ ︽ᠦᠵᠡᠰᠬᠦᠯᠡᠩᠲᠦ ᠰᠠᠶᠢᠬᠠᠨ ᠭᠡᠷ ᠣᠷᠣᠨ︾ ᠤ ᠪᠠᠶᠢᠭᠤᠯᠤᠯᠲᠠ ᠶᠢᠨ ᠠᠴᠢ ᠬᠤᠯᠪᠣᠭᠳᠠᠯ ᠪᠠ | ᠪᠠᠷᠢᠮᠵᠢᠶ᠎ᠠ ᠶᠢᠨ ᠱᠠᠭᠠᠷᠳᠠᠯᠭ᠎ᠠ ᠶᠢ ᠢᠳᠡᠪᠬᠢᠲᠡᠢ ᠤᠬᠠᠭᠤᠯᠵᠤ᠂ ᠥᠷᠭᠡᠨ ᠤᠯᠠᠨ ᠡᠮᠡᠭᠲᠡᠶᠢᠴᠦᠳ ᠪᠠ ᠭᠡᠷ ᠪᠦᠯᠢ ᠶᠢᠨ | ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠦᠵᠡᠰᠬᠦᠯᠡᠩᠲᠦ ᠰᠠᠶᠢᠬᠠᠨ | ᠬᠥᠳᠡᠭᠡ ᠲᠣᠰᠬᠤᠨ ᠤ ᠪᠠᠶᠢᠭᠤᠯᠤᠯᠲᠠ ᠳᠠᠬᠢ ᠦᠢᠯᠡᠳᠦᠯ ᠢ ᠭᠦᠢᠴᠡᠳ ᠪᠠᠳᠠᠷᠠᠭᠤᠯᠵᠤ᠂ ᠲᠡᠳᠡᠨ ᠤ ᠣᠷᠣᠯᠴᠠᠬᠤ | ᠬᠠᠯᠠᠭᠤᠨ ᠰᠡᠳᠬᠢᠯᠭᠡ ᠶᠢ ᠬᠥᠭᠵᠢᠭᠡᠪᠡ᠃ | ᠭᠤᠷᠪᠠ ᠳᠤ ᠰᠠᠶᠢᠨ ᠳᠤᠷ᠎ᠠ ᠶᠢᠨ ᠦᠢᠯᠡᠴᠢᠯᠡᠭᠡ ᠨᠢ ︽ᠲᠡᠳᠡᠨ︾ ᠤ ᠵᠢᠳᠬᠦᠯ ᠴᠢᠷᠮᠠᠶᠢᠯᠭ᠎ᠠ ᠶᠢ ᠢᠯᠡᠷᠡᠭᠦᠯᠪᠡ᠃ | ᠲᠣᠰᠬᠤᠨ ᠤ ᠱᠠᠲᠤᠨ ᠤ ᠣᠷᠴᠢᠨ ᠲᠣᠭᠤᠷᠢᠨ ᠪᠠ ᠭᠡᠷ ᠪᠦᠯᠢ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ | ᠴᠡᠭᠴᠡᠯᠡᠨ ᠵᠠᠰᠠᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ︽ᠠᠷᠢᠭᠤᠨ ᠴᠡᠪᠡᠷ᠂ ᠡᠮᠬᠢ ᠴᠡᠭᠴᠡ ᠲᠠᠢ᠂ | ᠭᠤᠶᠢᠲᠠ ᠰᠠᠶᠢᠬᠠᠨ︾ ᠪᠠᠷ ᠪᠠᠷᠢᠮᠵᠢᠶ᠎ᠠ ᠪᠣᠯᠭᠠᠵᠤ᠂ ︽ᠦᠵᠡᠰᠬᠦᠯᠡᠩᠲᠦ ᠰᠠᠶᠢᠬᠠᠨ ᠭᠡᠷ ᠣᠷᠣᠨ︾ ᠢ ᠡᠭᠦᠳᠦᠨ | ᠪᠠᠶᠢᠭᠤᠯᠬᠤ ᠶᠢ ᠠᠯᠬᠤᠮ ᠠᠯᠬᠤᠮ ᠢᠶᠠᠷ ᠨᠠᠶᠢᠳᠠᠪᠤᠷᠢᠵᠢᠭᠤᠯᠤᠨ᠎ᠠ᠃ ᠭᠡᠷ ᠪᠠᠶᠢᠰᠢᠩ ᠤᠨ ᠠᠷᠤ ᠥᠪᠥᠷ᠂ | ᠲᠣᠰᠬᠤᠨ ᠤ ᠵᠠᠮ ᠭᠤᠤ ᠭᠠᠩᠭ᠎ᠠ ᠶᠢᠨ ᠬᠤᠭ ᠨᠣᠪᠰᠢ᠂ ᠳᠤᠷ᠎ᠠ ᠪᠠᠷ ᠢᠶᠠᠨ ᠣᠪᠣᠭᠠᠯᠠᠵᠤ ᠲᠠᠯᠪᠢᠬᠰᠠᠨ ᠬᠤᠭ | ᠵᠡᠷᠭᠡ ᠳᠤ ︽ᠬᠡᠪᠢᠰ ᠲᠡᠪᠢᠰᠬᠦ ᠮᠠᠶ᠋ᠢᠭ︾ ᠤᠨ ᠴᠡᠪᠡᠷᠯᠡᠭᠡ ᠬᠢᠪᠠ᠃ ᠬᠠᠷᠢᠶ᠎ᠠ ᠣᠷᠣᠨ ᠤ ᠬᠦᠴᠢᠷᠳᠡᠯ ᠳᠤ | ᠲᠤᠯᠭᠠᠷᠠᠭᠰᠠᠨ ᠡᠮᠡᠭᠲᠡᠶᠢᠴᠦᠳ ᠬᠡᠦᠬᠡᠳ ᠤᠨ ᠭᠡᠷ ᠲᠤ ᠬᠦᠷᠴᠦ᠂ ᠲᠡᠳᠡᠨ ᠢ ᠬᠠᠪᠰᠤᠷᠤᠨ ᠭᠡᠷ ᠢ ᠨᠢ ᠴᠡᠪᠡᠷᠯᠡᠬᠦ ᠶᠢᠨ | ᠬᠠᠮᠲᠤ ᠲᠡᠳᠡᠨ ᠳᠤ ᠭᠠᠯ ᠢ ᠰᠡᠷᠭᠡᠶᠢᠯᠡᠬᠦ ᠶᠢ ᠠᠩᠬᠠᠷᠴᠤ᠂ ᠴᠠᠬᠢᠯᠭᠠᠨ ᠬᠡᠷᠡᠭᠯᠡᠬᠦ ᠶᠢᠨ ᠠᠮᠤᠷ ᠲᠦᠪᠰᠢᠨ ᠢ ᠠᠩᠬᠠᠷᠬᠤ | ᠬᠡᠷᠡᠭᠲᠡᠢ ᠭᠡᠵᠦ ᠰᠠᠨᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠡᠮᠡᠭᠲᠡᠶᠢᠴᠦᠳ ᠤᠨ ᠬᠦᠴᠦᠨ ᠴᠢᠳᠠᠯ ᠪᠠ | ᠳᠤᠯᠠᠭᠠᠨ ᠤ ᠬᠡᠮᠵᠢᠶ᠎ᠡ ᠶᠢ ᠢᠯᠡᠷᠡᠭᠦᠯᠵᠦ᠂ ᠬᠥᠮᠦᠨ ᠪᠦᠬᠦᠨ ᠤᠷᠤᠯᠴᠠᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ | ᠪᠣᠯᠭᠠᠪᠠ᠃ ᠣᠳᠣᠬᠠᠨ ᠳᠤ᠂ ᠪᠥᠬᠦ ᠪᠠᠯᠭᠠᠰᠤ ᠪᠠᠷ ᠢᠶᠠᠨ ᠡᠮᠡᠭᠲᠡᠶᠢᠴᠦᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ | ᠠᠵᠢᠯᠯᠠᠭ᠎ᠠ ᠶᠢ ᠨᠡᠶᠢᠲᠡ 20 ᠭᠠᠷᠤᠶ ᠤᠳᠠᠭ᠎ᠠ ᠥᠷᠨᠢᠭᠦᠯᠵᠦ᠂ ᠪᠠᠯᠭᠠᠰᠤ ᠲᠣᠰᠬᠤᠨ ᠤ ᠰᠠᠶᠢᠨ ᠲᠤᠷᠠᠴᠤᠳ 200 | ᠭᠠᠷᠤᠶ ᠬᠥᠮᠦᠨ ᠤᠳᠠᠭ᠎ᠠ ᠣᠷᠣᠯᠴᠠᠵᠤ᠂ ︽ᠦᠵᠡᠰᠬᠦᠯᠡᠩᠲᠦ ᠰᠠᠶᠢᠬᠠᠨ ᠬᠡᠷ ᠣᠷᠣᠨ︾ ᠤ ᠵᠢᠱᠢᠶ᠎ᠡ ᠦᠵᠡᠭᠦᠯᠬᠦ | ᠲᠣᠰᠬᠤᠨ ᠢ ᠨᠢᠭᠡᠨᠲᠡ ᠬᠤᠶᠠᠷ ᠪᠠᠶᠢᠭᠤᠯᠪᠠ᠃ | | | |