| | | | | ᠨᠢᠩᠴᠧᠩ ᠰᠢᠶᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠨᠢ ᠬᠤᠷᠬᠤᠭ ᠪᠠᠯᠭᠠᠰᠤ ᠪᠠᠷ | ᠲᠤᠷᠰᠢᠯᠲᠠ ᠶᠢᠨ ᠴᠡᠭ ᠪᠣᠯᠭᠠᠨ ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠵᠣᠬᠢᠶᠠᠨ | ᠪᠠᠶᠢᠭᠤᠯᠤᠯᠲᠠ ᠶᠢᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠥᠷᠭᠡᠨ ᠤᠯᠠᠨ | ᠡᠮᠡᠭᠲᠡᠶᠢᠴᠦᠳ ᠢ ᠪᠦᠯᠬᠦᠮᠳᠡᠭᠦᠯᠦᠨ ᠳᠠᠭᠠᠭᠤᠯᠵᠤ ᠢᠳᠡᠪᠬᠢᠲᠡᠢ ᠤᠷᠤᠭᠰᠢᠯᠠᠨ ᠲᠠᠪᠰᠢᠵᠦ᠂ ᠬᠥᠳᠡᠭᠡ ᠠᠵᠤ | ᠠᠬᠤᠢ ᠶᠢᠨ ᠦᠢᠯᠡᠳᠪᠦᠷᠢᠯᠡᠯ᠂ ᠨᠡᠶᠢᠭᠡᠮ ᠤᠨ ᠠᠮᠤᠷ ᠲᠦᠪᠰᠢᠨ᠂ ᠰᠣᠶᠣᠯ ᠤᠨ ᠪᠠᠶᠢᠭᠤᠯᠤᠯᠲᠠ ᠵᠡᠷᠭᠡ ᠲᠠᠯ᠎ᠠ ᠪᠠᠷ | ᠡᠮᠡᠭᠲᠡᠶᠢᠴᠦᠳ ᠤᠨ ᠴᠤᠭ ᠵᠢᠪᠬᠤᠭ᠎ᠠ ᠶᠢ ᠭᠦᠢᠴᠡᠳ ᠪᠠᠳᠠᠷᠠᠭᠤᠯᠪᠠ᠃ | ᠨᠢᠭᠡ ᠳᠤ᠂ ᠠᠵᠢᠯ ᠤᠨ ᠪᠠᠶᠢᠷᠢ ᠭᠠᠷᠭᠠᠨ ᠬᠠᠷᠢᠭᠤᠴᠠᠯᠭ᠎ᠠ ᠲᠣᠭᠲᠠᠭᠠᠵᠤ᠂ ︽ᠲᠡᠳᠡᠨ︾ ᠤ ᠦᠢᠯᠡᠳᠦᠯ ᠢ | ᠪᠠᠳᠠᠷᠠᠭᠤᠯᠪᠠ᠃ ᠬᠤᠷᠬᠤᠭ ᠪᠠᠯᠭᠠᠰᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠭᠦᠢᠴᠡᠳᠬᠡᠬᠦ ᠵᠥᠪᠯᠡᠯ᠂ ᠡᠮᠡᠭᠳᠡᠢ | ᠰᠠᠶᠢᠨ ᠲᠤᠷᠠᠴᠤᠳ ᠢ ᠢᠳᠡᠪᠬᠢᠲᠡᠢ ᠵᠣᠬᠢᠶᠠᠨ ᠪᠠᠶᠢᠭᠤᠯᠵᠤ ᠶᠠᠷᠢᠯᠴᠠᠬᠤ ᠬᠤᠷᠠᠯ ᠬᠤᠷᠠᠯᠳᠤᠭᠤᠯᠬᠤ ᠶᠢᠨ ᠬᠠᠮᠲᠤ ︽ | ᠡᠮᠡᠭᠲᠡᠶᠢᠴᠦᠳ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠬᠠᠮᠲᠤᠪᠠᠷ ᠪᠠᠶᠢᠭᠤᠯᠬᠤ︾ ᠠᠵᠢᠯᠯᠠᠭ᠎ᠠ ᠶᠢᠨ | ᠲᠥᠰᠦᠯ ᠪᠣᠯᠤᠨ ᠠᠵᠢᠯ ᠤᠨ ᠱᠠᠭᠠᠷᠳᠠᠯᠭ᠎ᠠ ᠶᠢ ᠳᠣᠷᠣᠭᠰᠢ ᠪᠠᠭᠤᠯᠭᠠᠪᠠ᠃ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ᠂ ᠳᠤᠭᠤᠶᠢᠯᠠᠩ ᠬᠤᠪᠢᠶᠠᠨ ᠬᠡᠰᠡᠭ ᠬᠤᠪᠢᠶᠠᠵᠤ᠂ ᠬᠠᠷᠢᠭᠤᠴᠠᠯᠭ᠎ᠠ ᠶᠢ ᠲᠣᠳᠣᠷᠬᠠᠶᠢᠯᠠᠨ᠂ ︽ | ᠭᠦᠢᠴᠡᠳᠬᠡᠬᠦ ᠵᠥᠪᠯᠡᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠮᠠᠯᠠᠯᠲᠠ ᠶᠢᠨ ᠪᠢᠴᠢᠭ︾ ᠲᠤ | ᠭᠠᠷ ᠤᠨ ᠦᠰᠦᠭ ᠵᠢᠷᠤᠵᠤ᠂ ᠡᠮᠡᠭᠲᠡᠶᠢᠴᠦᠳ ᠤᠨ ᠬᠤᠯᠪᠣᠭ᠎ᠠ ᠶᠢᠨ ᠭᠦᠢᠴᠡᠳᠬᠡᠬᠦ ᠵᠥᠪᠯᠡᠯ ᠤᠨ ᠦᠯᠢᠭᠡᠷ | ᠳᠠᠭᠤᠷᠢᠶᠠᠯ ᠤᠨ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ | ᠥᠪᠡᠷ ᠤᠨ ᠭᠡᠷ ᠰᠠᠭᠤᠴᠠ ᠪᠠᠨ ᠴᠡᠪᠡᠷᠯᠡᠨ ᠠᠷᠢᠯᠭᠠᠬᠤ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠬᠠᠷᠢᠶᠠᠨ | ᠳᠣᠲᠣᠷᠠᠬᠢ ᠡᠯ᠎ᠡ ᠡᠷᠦᠬᠡ ᠶᠢᠨ ︽ᠭᠤᠶᠢᠳᠠ ᠰᠠᠶᠢᠬᠠᠨ ᠬᠦᠷᠢᠶ᠎ᠡ︾ ᠶᠢ ᠡᠭᠦᠳᠦᠨ ᠪᠠᠶᠢᠭᠤᠯᠬᠤ ᠶᠢ ᠱᠠᠯᠠᠪᠳᠠᠭᠤᠯᠤᠨ | ᠵᠢᠯᠣᠭᠤᠳᠴᠤ᠂ ᠪᠣᠳᠠᠲᠤ ᠠᠵᠢᠯᠯᠠᠭ᠎ᠠ ᠪᠠᠷ ᠢᠶᠠᠨ ᠡᠮᠡᠭᠲᠡᠶᠢᠴᠦᠳ ᠤᠨ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ | ᠪᠠᠶᠢᠭᠤᠯᠬᠤ ᠶᠢ ᠲᠠᠶᠢᠴᠢᠯᠠᠪᠠ᠃ ᠣᠳᠣᠬᠠᠨ ᠳᠤ᠂ ᠪᠦᠬᠦ ᠪᠠᠯᠭᠠᠰᠤᠨ ᠤ 22 ᠲᠣᠰᠬᠤᠨ ᠡᠮᠡᠭᠲᠡᠶᠢᠴᠦᠳ ᠤᠨ | ᠬᠤᠯᠪᠣᠭ᠎ᠠ ᠶᠢᠨ ᠭᠦᠢᠴᠡᠳᠬᠡᠬᠦ ᠵᠥᠪᠯᠡᠯ ᠢ ᠵᠣᠬᠢᠶᠠᠨ ᠪᠠᠶᠢᠭᠤᠯᠵᠤ ᠡᠭᠦᠷᠭᠡ ᠲᠤᠰᠢᠶᠠᠯ ᠢᠶᠠᠨ ᠭᠦᠢᠴᠡᠳᠬᠡᠬᠦ | ᠠᠮᠠᠯᠠᠯᠲᠠ ᠶᠢᠨ ᠪᠢᠴᠢᠭ ᠲᠤ 150 ᠭᠠᠷᠤᠢ ᠬᠤᠪᠢ ᠭᠠᠷ ᠤᠨ ᠦᠰᠦᠭ ᠵᠢᠷᠤᠵᠠᠢ᠃ | ᠬᠤᠶᠠᠷ ᠲᠤ᠂ ᠤᠬᠠᠭᠤᠯᠤᠨ ᠬᠥᠲᠥᠯᠦᠨ ᠵᠢᠯᠣᠭᠤᠳᠴᠤ᠂ ︽ᠲᠡᠳᠡᠨ︾ ᠤ ᠬᠠᠮᠲᠤ ᠶᠢᠨ ᠲᠠᠨᠢᠯᠲᠠ ᠶᠢ | ᠨᠢᠭᠲᠠᠷᠠᠭᠤᠯᠪᠠ᠃ ᠦᠨᠳᠦᠰᠦᠨ ᠱᠠᠲᠤᠨ ᠤ ᠭᠡᠷ ᠪᠦᠯᠢ ᠶᠢᠨ ᠪᠣᠯᠪᠠᠰᠤᠨ ᠤ ᠪᠠᠶᠢᠭᠤᠯᠤᠯᠲᠠ ᠲᠠᠢ ᠤᠶᠠᠯᠳᠤᠭᠤᠯᠵᠤ᠂ | ᠲᠣᠰᠬᠤᠨ ᠤ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢ ᠵᠣᠬᠢᠶᠠᠨ ᠪᠠᠶᠢᠭᠤᠯᠤᠨ ︽ᠡᠮᠡᠭᠲᠡᠶᠢᠴᠦᠳ ᠤᠨ ᠶᠡᠭᠡ | ᠤᠬᠠᠭᠤᠯᠤᠨ ᠲᠠᠶᠢᠯᠪᠤᠷᠢᠯᠠᠬᠤ︾᠂ ︽ᠰᠠᠶᠢᠨ ᠭᠡᠷ ᠤᠨ ᠰᠤᠷᠲᠠᠯ ᠢ ᠲᠠᠷᠢᠶᠠᠴᠢᠨ ᠡᠷᠦᠬᠡ ᠳᠤ ᠣᠷᠣᠭᠤᠯᠬᠤ︾ ᠵᠡᠷᠭᠡ | ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ 10 ᠭᠠᠷᠤᠢ ᠤᠳᠠᠭ᠎ᠠ ᠢᠳᠡᠪᠬᠢᠲᠡᠢ ᠥᠷᠨᠢᠭᠦᠯᠵᠦ᠂ ᠡᠷᠦᠬᠡ ᠳᠤ | ᠣᠷᠣᠵᠤ ᠤᠬᠠᠭᠤᠯᠭ᠎ᠠ ᠶᠢᠨ ᠬᠠᠭᠤᠳᠠᠰᠤ 500 ᠭᠠᠷᠤᠢ ᠬᠤᠪᠢ ᠲᠠᠷᠬᠠᠭᠠᠵᠤ᠂ ᠤᠯᠠᠨ ᠠᠴᠢᠶᠠᠯᠠᠪᠤᠷᠢ ᠶᠢ | ᠠᠰᠢᠭᠯᠠᠨ ︽ᠦᠵᠡᠰᠬᠦᠯᠡᠩᠲᠦ ᠰᠠᠶᠢᠬᠠᠨ ᠭᠡᠷ ᠣᠷᠣᠨ︾ ᠤ ᠪᠠᠶᠢᠭᠤᠯᠤᠯᠲᠠ ᠶᠢᠨ ᠠᠴᠢ ᠬᠤᠯᠪᠣᠭᠳᠠᠯ ᠪᠠ | ᠪᠠᠷᠢᠮᠵᠢᠶ᠎ᠠ ᠶᠢᠨ ᠱᠠᠭᠠᠷᠳᠠᠯᠭ᠎ᠠ ᠶᠢ ᠢᠳᠡᠪᠬᠢᠲᠡᠢ ᠤᠬᠠᠭᠤᠯᠵᠤ᠂ ᠥᠷᠭᠡᠨ ᠤᠯᠠᠨ ᠡᠮᠡᠭᠲᠡᠶᠢᠴᠦᠳ ᠪᠠ ᠭᠡᠷ ᠪᠦᠯᠢ ᠶᠢᠨ | ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠦᠵᠡᠰᠬᠦᠯᠡᠩᠲᠦ ᠰᠠᠶᠢᠬᠠᠨ | ᠬᠥᠳᠡᠭᠡ ᠲᠣᠰᠬᠤᠨ ᠤ ᠪᠠᠶᠢᠭᠤᠯᠤᠯᠲᠠ ᠳᠠᠬᠢ ᠦᠢᠯᠡᠳᠦᠯ ᠢ ᠭᠦᠢᠴᠡᠳ ᠪᠠᠳᠠᠷᠠᠭᠤᠯᠵᠤ᠂ ᠲᠡᠳᠡᠨ ᠤ ᠣᠷᠣᠯᠴᠠᠬᠤ | ᠬᠠᠯᠠᠭᠤᠨ ᠰᠡᠳᠬᠢᠯᠭᠡ ᠶᠢ ᠬᠥᠭᠵᠢᠭᠡᠪᠡ᠃ | ᠭᠤᠷᠪᠠ ᠳᠤ ᠰᠠᠶᠢᠨ ᠳᠤᠷ᠎ᠠ ᠶᠢᠨ ᠦᠢᠯᠡᠴᠢᠯᠡᠭᠡ ᠨᠢ ︽ᠲᠡᠳᠡᠨ︾ ᠤ ᠵᠢᠳᠬᠦᠯ ᠴᠢᠷᠮᠠᠶᠢᠯᠭ᠎ᠠ ᠶᠢ ᠢᠯᠡᠷᠡᠭᠦᠯᠪᠡ᠃ | ᠲᠣᠰᠬᠤᠨ ᠤ ᠱᠠᠲᠤᠨ ᠤ ᠣᠷᠴᠢᠨ ᠲᠣᠭᠤᠷᠢᠨ ᠪᠠ ᠭᠡᠷ ᠪᠦᠯᠢ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ | ᠴᠡᠭᠴᠡᠯᠡᠨ ᠵᠠᠰᠠᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ︽ᠠᠷᠢᠭᠤᠨ ᠴᠡᠪᠡᠷ᠂ ᠡᠮᠬᠢ ᠴᠡᠭᠴᠡ ᠲᠠᠢ᠂ | ᠭᠤᠶᠢᠲᠠ ᠰᠠᠶᠢᠬᠠᠨ︾ ᠪᠠᠷ ᠪᠠᠷᠢᠮᠵᠢᠶ᠎ᠠ ᠪᠣᠯᠭᠠᠵᠤ᠂ ︽ᠦᠵᠡᠰᠬᠦᠯᠡᠩᠲᠦ ᠰᠠᠶᠢᠬᠠᠨ ᠭᠡᠷ ᠣᠷᠣᠨ︾ ᠢ ᠡᠭᠦᠳᠦᠨ | ᠪᠠᠶᠢᠭᠤᠯᠬᠤ ᠶᠢ ᠠᠯᠬᠤᠮ ᠠᠯᠬᠤᠮ ᠢᠶᠠᠷ ᠨᠠᠶᠢᠳᠠᠪᠤᠷᠢᠵᠢᠭᠤᠯᠤᠨ᠎ᠠ᠃ ᠭᠡᠷ ᠪᠠᠶᠢᠰᠢᠩ ᠤᠨ ᠠᠷᠤ ᠥᠪᠥᠷ᠂ | ᠲᠣᠰᠬᠤᠨ ᠤ ᠵᠠᠮ ᠭᠤᠤ ᠭᠠᠩᠭ᠎ᠠ ᠶᠢᠨ ᠬᠤᠭ ᠨᠣᠪᠰᠢ᠂ ᠳᠤᠷ᠎ᠠ ᠪᠠᠷ ᠢᠶᠠᠨ ᠣᠪᠣᠭᠠᠯᠠᠵᠤ ᠲᠠᠯᠪᠢᠬᠰᠠᠨ ᠬᠤᠭ | ᠵᠡᠷᠭᠡ ᠳᠤ ︽ᠬᠡᠪᠢᠰ ᠲᠡᠪᠢᠰᠬᠦ ᠮᠠᠶ᠋ᠢᠭ︾ ᠤᠨ ᠴᠡᠪᠡᠷᠯᠡᠭᠡ ᠬᠢᠪᠠ᠃ ᠬᠠᠷᠢᠶ᠎ᠠ ᠣᠷᠣᠨ ᠤ ᠬᠦᠴᠢᠷᠳᠡᠯ ᠳᠤ | ᠲᠤᠯᠭᠠᠷᠠᠭᠰᠠᠨ ᠡᠮᠡᠭᠲᠡᠶᠢᠴᠦᠳ ᠬᠡᠦᠬᠡᠳ ᠤᠨ ᠭᠡᠷ ᠲᠤ ᠬᠦᠷᠴᠦ᠂ ᠲᠡᠳᠡᠨ ᠢ ᠬᠠᠪᠰᠤᠷᠤᠨ ᠭᠡᠷ ᠢ ᠨᠢ ᠴᠡᠪᠡᠷᠯᠡᠬᠦ ᠶᠢᠨ | ᠬᠠᠮᠲᠤ ᠲᠡᠳᠡᠨ ᠳᠤ ᠭᠠᠯ ᠢ ᠰᠡᠷᠭᠡᠶᠢᠯᠡᠬᠦ ᠶᠢ ᠠᠩᠬᠠᠷᠴᠤ᠂ ᠴᠠᠬᠢᠯᠭᠠᠨ ᠬᠡᠷᠡᠭᠯᠡᠬᠦ ᠶᠢᠨ ᠠᠮᠤᠷ ᠲᠦᠪᠰᠢᠨ ᠢ ᠠᠩᠬᠠᠷᠬᠤ | ᠬᠡᠷᠡᠭᠲᠡᠢ ᠭᠡᠵᠦ ᠰᠠᠨᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠡᠮᠡᠭᠲᠡᠶᠢᠴᠦᠳ ᠤᠨ ᠬᠦᠴᠦᠨ ᠴᠢᠳᠠᠯ ᠪᠠ | ᠳᠤᠯᠠᠭᠠᠨ ᠤ ᠬᠡᠮᠵᠢᠶ᠎ᠡ ᠶᠢ ᠢᠯᠡᠷᠡᠭᠦᠯᠵᠦ᠂ ᠬᠥᠮᠦᠨ ᠪᠦᠬᠦᠨ ᠤᠷᠤᠯᠴᠠᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ | ᠪᠣᠯᠭᠠᠪᠠ᠃ ᠣᠳᠣᠬᠠᠨ ᠳᠤ᠂ ᠪᠥᠬᠦ ᠪᠠᠯᠭᠠᠰᠤ ᠪᠠᠷ ᠢᠶᠠᠨ ᠡᠮᠡᠭᠲᠡᠶᠢᠴᠦᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ | ᠠᠵᠢᠯᠯᠠᠭ᠎ᠠ ᠶᠢ ᠨᠡᠶᠢᠲᠡ 20 ᠭᠠᠷᠤᠶ ᠤᠳᠠᠭ᠎ᠠ ᠥᠷᠨᠢᠭᠦᠯᠵᠦ᠂ ᠪᠠᠯᠭᠠᠰᠤ ᠲᠣᠰᠬᠤᠨ ᠤ ᠰᠠᠶᠢᠨ ᠲᠤᠷᠠᠴᠤᠳ 200 | ᠭᠠᠷᠤᠶ ᠬᠥᠮᠦᠨ ᠤᠳᠠᠭ᠎ᠠ ᠣᠷᠣᠯᠴᠠᠵᠤ᠂ ︽ᠦᠵᠡᠰᠬᠦᠯᠡᠩᠲᠦ ᠰᠠᠶᠢᠬᠠᠨ ᠬᠡᠷ ᠣᠷᠣᠨ︾ ᠤ ᠵᠢᠱᠢᠶ᠎ᠡ ᠦᠵᠡᠭᠦᠯᠬᠦ | ᠲᠣᠰᠬᠤᠨ ᠢ ᠨᠢᠭᠡᠨᠲᠡ ᠬᠤᠶᠠᠷ ᠪᠠᠶᠢᠭᠤᠯᠪᠠ᠃ | |