| ᠨᠢᠩᠴᠧᠩ ᠰᠢᠶᠠᠨ ᠡᠬᠢ ᠪᠠᠶᠠᠯᠢᠭ᠂ ᠣᠷᠣᠨ ᠪᠠᠶᠢᠷᠢ ᠶᠢᠨ ᠳᠠᠪᠠᠭᠤᠯᠢᠭ ᠲᠠᠭᠠᠨ ᠰᠠᠭᠤᠷᠢᠯᠠᠨ᠂ ᠬᠥᠪᠰᠥᠭᠡᠷ | ᠰᠢᠷᠣᠶ ᠶᠢᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠣᠳᠣᠬᠠᠨ ᠳᠤ ᠨᠡᠶᠢᠲᠡ 44 ᠬᠥᠪᠰᠥᠭᠡᠷ ᠰᠢᠷᠣᠶ ᠡᠳ᠋ᠰᠢᠭᠦᠯᠬᠦ ᠠᠵᠤ ᠠᠬᠤᠶᠢᠯᠠᠯ ᠪᠠᠶᠢᠵᠤ᠂ | ᠵᠢᠯ ᠤᠨ ᠭᠠᠷᠤᠯᠲᠠ 260 ᠲᠦᠮᠡᠨ ᠲᠣᠨ ᠳᠤ ᠬᠦᠷᠴᠦ᠂ ᠡᠭᠦᠨ ᠳᠤ ᠮᠤᠤᠷ ᠤᠨ ᠡᠯᠡᠰᠦᠨ ᠤ ᠭᠠᠷᠤᠯᠲᠠ 150 | ᠲᠦᠮᠡᠨ ᠲᠣᠨ ᠳᠤ ᠬᠦᠷᠴᠦ᠂ 9 ᠳ᠋ᠦᠩᠰᠢᠭᠤᠷ ᠲᠥᠭᠦᠷᠢᠭ ᠤᠨ ᠦᠢᠯᠡᠳᠭᠦᠨ ᠤ ᠥᠷᠲᠡᠭ ᠢ ᠪᠡᠶᠡᠯᠡᠭᠦᠯᠵᠦ᠂ | ᠭᠠᠶᠢᠯᠢ ᠶᠢᠨ ᠣᠷᠣᠯᠭ᠎ᠠ ᠶᠢ 7000 ᠲᠦᠮᠡᠨ ᠲᠥᠭᠦᠷᠢᠭ ᠪᠡᠶᠡᠯᠡᠭᠦᠯᠪᠡ᠃ 1 - 6 ᠰᠠᠷ᠎ᠠ ᠳᠤ᠂ ᠪᠦᠬᠦ ᠰᠢᠶᠠᠨ ᠤ | ᠬᠥᠪᠰᠥᠭᠡᠷ ᠰᠢᠷᠣᠶ ︵ᠪᠦᠲᠦᠭᠡᠭᠳᠡᠬᠦᠨ︶ ᠭᠠᠳᠠᠭᠠᠳᠤ ᠠᠷᠠᠯᠵᠢᠶᠠᠨ ᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ | ᠨᠡᠶᠢᠲᠡ14 ᠪᠠᠶᠢᠵᠤ᠂ ᠡᠭᠦᠨ ᠳᠤ ᠥᠪᠡᠷ ᠢᠶᠠᠨ ᠡᠵᠡᠩᠨᠡᠵᠦ ᠪᠠᠶᠢᠭ᠎ᠠ ᠭᠠᠳᠠᠭᠠᠳᠤ ᠳᠤ ᠭᠠᠷᠭᠠᠬᠤ ᠠᠵᠤ ᠠᠬᠤᠶᠢᠯᠠᠯ | 2 ᠨᠡᠮᠡᠭᠳᠡᠵᠦ᠂ ᠥᠪᠡᠷ ᠢᠶᠠᠨ ᠡᠵᠡᠩᠨᠡᠵᠦ ᠪᠠᠶᠢᠭ᠎ᠠ ᠭᠠᠳᠠᠭᠠᠳᠤ ᠳᠤ ᠭᠠᠷᠭᠠᠬᠤ ᠲᠤᠭ᠎ᠠ 5245.78 ᠲᠦᠮᠡᠨ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 186% ᠨᠡᠮᠡᠭᠳᠡᠪᠡ᠃ ᠭᠠᠳᠠᠭᠠᠳᠤ ᠳᠤ ᠭᠠᠷᠭᠠᠬᠤ | ᠪᠦᠲᠦᠭᠡᠭᠳᠡᠬᠦᠨ ᠨᠢ ᠹᠢᠨᠯᠠᠨᠳ᠋᠂ ᠣᠷᠣᠰ᠂ ᠮᠠᠯᠠᠶᠢᠰᠢᠶ᠎ᠠ᠂ ᠰᠢᠩᠭᠠᠫᠤᠷ᠂ ᠺᠣᠷᠢᠶᠠ᠂ ᠲᠠᠢ ᠤᠯᠤᠰ᠂ ᠳᠤᠮᠳᠠᠳᠤ | ᠤᠯᠤᠰ ᠤᠨ ᠰᠢᠶᠠᠩᠭᠠᠩ ᠵᠡᠷᠭᠡ ᠤᠯᠤᠰ ᠪᠠ ᠭᠠᠵᠠᠷ ᠣᠷᠣᠨ ᠳᠤ ᠪᠣᠷᠣᠯᠠᠭᠤᠯᠤᠭᠳᠠᠨᠠ᠃ |