| ᠨᠢᠭᠡ ᠳᠤ ᠤᠷᠢᠳᠡᠪᠡᠷ ᠠᠰᠠᠭᠤᠬᠤ ᠬᠠᠷᠢᠭᠤᠴᠠᠯᠭ᠎ᠠ ᠶᠢᠨ ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠤᠨ᠎ᠠ᠃ ᠨᠢᠭᠡ | ᠯᠡ ᠤᠳᠠᠭ᠎ᠠ ᠳᠤ ᠮᠡᠳᠡᠭᠳᠡᠬᠦ᠂ ᠨᠢᠭᠡ ᠡᠳᠦᠷ ᠲᠤ ᠭᠦᠢᠴᠡᠳᠭᠡᠵᠦ ᠳᠠᠭᠤᠰᠬᠠᠬᠤ ᠵᠡᠷᠭᠡ ᠬᠤᠯᠪᠣᠭᠳᠠᠯ ᠪᠥᠬᠦᠶ | ᠲᠦᠷᠢᠮ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ | ᠳᠠᠭᠤᠰᠬᠠᠬᠤ︾ ᠥᠭᠡᠷᠡᠴᠢᠯᠡᠯᠲᠡ ᠶᠢ ᠠᠬᠢᠭᠤᠯᠤᠨ ᠨᠠᠶᠢᠳᠠᠪᠤᠷᠢᠵᠢᠭᠤᠯᠤᠨ᠎ᠠ᠃ ᠣᠨᠴᠠᠭᠠᠶ ᠬᠡᠷᠡᠭ ᠢ ᠣᠨᠴᠠᠭᠠᠶ | ᠰᠢᠢᠳᠪᠦᠷᠢᠯᠡᠬᠦ ᠲᠤᠰᠬᠠᠶ ᠴᠣᠩᠬᠤ ᠳᠣᠭᠢᠷᠠᠭᠤᠯᠵᠤ᠂ ᠠᠵᠢᠯᠲᠠᠨ ᠳᠣᠭᠢᠷᠠᠭᠤᠯᠤᠨ ᠤᠲᠠᠰᠤ ᠪᠠᠷ ᠳᠠᠮᠵᠢᠭᠤᠯᠤᠨ | ᠠᠯᠤᠰ ᠠᠴᠠ ᠬᠠᠪᠰᠤᠷᠤᠨ ᠰᠢᠢᠳᠪᠦᠷᠢᠯᠡᠵᠦ ᠣᠷᠣᠯᠠᠨ ᠭᠦᠢᠴᠡᠳᠬᠡᠬᠦ ᠶᠢ ᠵᠢᠯᠣᠭᠤᠳᠤᠨ᠎ᠠ᠃ ᠨᠢᠭᠡ ᠯᠡ ᠤᠳᠠᠭ᠎ᠠ ᠶᠢᠨ | ᠴᠢᠨᠠᠷᠲᠠᠶ ᠮᠡᠳᠡᠭᠳᠡᠬᠦ ᠬᠠᠭᠤᠳᠠᠰᠤ ᠵᠢᠴᠢ ᠬᠠᠮᠢᠶ᠎ᠠ ᠪᠥᠬᠦᠶ ᠪᠢᠴᠢᠭ ᠬᠠᠷ᠎ᠠ ᠶᠢᠨ ᠬᠡᠪ ᠢ ᠵᠣᠬᠢᠶᠠᠵᠤ᠂ ᠬᠤᠶᠠᠷ ᠬᠡᠮᠵᠢᠯᠳᠦ | ᠺᠣᠳ᠋ ᠢᠶᠠᠷ ᠳᠠᠮᠵᠢᠭᠤᠯᠤᠨ ᠶᠡᠭᠡ ᠲᠢᠩᠬᠢᠮ ᠤᠨ ᠦᠵᠡᠭᠦᠯᠦᠯᠭᠡ ᠶᠢᠨ ᠰᠠᠮᠪᠠᠷ᠎ᠠ ᠳᠡᠭᠡᠷ᠎ᠡ ᠢᠯᠡ ᠨᠡᠶᠢᠲᠡᠯᠡᠵᠦ᠂ ᠠᠵᠤ | ᠠᠬᠤᠶᠢᠯᠠᠯ ᠢ ᠳᠠᠷᠤᠶ ᠲᠦᠷᠭᠡᠨ ᠭᠦᠢᠴᠡᠳᠬᠡᠯᠭᠡᠵᠦ᠂ ᠠᠵᠢᠯ ᠶᠠᠪᠤᠳᠠᠯ ᠭᠦᠢᠴᠡᠳᠭᠡᠬᠦ ᠬᠤᠷᠳᠤᠴᠠ ᠶᠢ 90% ᠠᠴᠠ | ᠳᠡᠭᠡᠭᠰᠢ ᠲᠦᠷᠭᠡᠳᠭᠡᠪᠡ᠃ ᠣᠲᠣ ᠪᠣᠯᠲᠠᠯ᠎ᠠ᠂ ᠪᠥᠬᠦ ᠰᠢᠶᠠᠨ ᠤ ᠰᠢᠨ᠎ᠡ ᠪᠠᠷ ᠨᠡᠮᠡᠭᠳᠡᠭᠰᠡᠨ ᠡᠯ᠎ᠡ ᠲᠥᠷᠥᠯ ᠤᠨ ᠵᠠᠬ᠎ᠠ | ᠳᠡᠯᠭᠡᠭᠦᠷ ᠤᠨ ᠭᠤᠤᠯ ᠴᠣᠭᠴᠠ 3732 ᠡᠷᠦᠬᠡ ᠪᠣᠯᠵᠣ᠂ ᠪᠥᠬᠦ ᠰᠢᠶᠠᠨ ᠤ ᠡᠯ᠎ᠡ ᠲᠥᠷᠥᠯ ᠤᠨ ᠵᠠᠬ᠎ᠠ | ᠳᠡᠯᠭᠡᠭᠦᠷ ᠤᠨ ᠭᠤᠤᠯ ᠴᠣᠭᠴᠠ 46409 ᠡᠷᠦᠬᠡ ᠪᠣᠯᠵᠣ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ | ᠪᠦᠷᠢᠳᠬᠡᠨ ᠳᠠᠩᠰᠠᠯᠠᠬᠤ ᠲᠤᠬᠠᠶᠢᠯᠠᠭᠰᠠᠨ ᠠᠵᠢᠯ ᠢ 8613 ᠬᠤᠪᠢ ᠭᠦᠢᠴᠡᠳᠬᠡᠪᠡ᠃ | ᠬᠤᠶᠠᠷ ᠲᠤ᠂ ᠠᠵᠢᠯ ᠬᠡᠷᠡᠭ ᠤᠨ ᠳᠤᠮᠳᠠᠬᠢ ᠪᠠ ᠠᠵᠢᠯ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ | ᠦᠨᠡᠨ ᠬᠦ ᠴᠢᠩᠭᠠᠳᠬᠠᠨ᠎ᠠ᠃ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ | ᠬᠠᠮᠢᠶᠠᠷᠤᠯᠲᠠ ᠶᠢ ᠶᠡᠬᠡᠪᠡᠷ ᠬᠡᠷᠡᠭᠵᠢᠭᠦᠯᠵᠦ᠂ ᠰᠠᠯᠠᠭ᠎ᠠ ᠮᠥᠴᠢᠷ ᠤᠨ ᠬᠠᠮᠲᠤᠷᠠᠨ ᠰᠤᠭᠤᠴᠢᠨ ᠪᠠᠶᠢᠴᠠᠭᠠᠬᠤ | ᠲᠥᠯᠥᠪᠯᠡᠭᠡ ᠶᠢ ᠨᠢᠭᠡᠳᠦᠯᠲᠡᠶ ᠲᠥᠯᠥᠪᠯᠡᠨ ᠲᠣᠭᠲᠠᠭᠠᠵᠤ᠂ ᠬᠢᠨᠠᠯᠲᠠ ᠬᠠᠮᠢᠶᠠᠷᠤᠯᠲᠠ ᠶᠢ ᠵᠢᠷᠤᠮᠵᠢᠭᠤᠯᠬᠤ᠂ ᠨᠠᠷᠢᠯᠢᠭ | ᠣᠨᠣᠴᠠᠲᠠᠶ ᠪᠣᠯᠭᠠᠬᠤ᠂ ᠤᠶᠤᠨᠵᠢᠭᠤᠯᠬᠤ ᠶᠢ ᠪᠡᠶᠡᠯᠡᠭᠦᠯᠵᠦ᠂ ᠰᠣᠶᠣᠯ ᠪᠡᠶ᠎ᠡ ᠶᠢᠨ ᠲᠠᠮᠢᠷ ᠤᠨ ᠲᠣᠪᠴᠢᠶ᠎ᠠ᠂ ᠲᠤᠭ᠎ᠠ | ᠪᠦᠷᠢᠳᠬᠡᠯ ᠤᠨ ᠲᠣᠪᠴᠢᠶ᠎ᠠ ᠵᠡᠷᠭᠡ 5 ᠰᠠᠯᠠᠭ᠎ᠠ ᠮᠥᠴᠢᠷ ᠲᠠᠢ ᠬᠠᠮᠲᠤᠷᠠᠨ 7 ᠲᠥᠯᠥᠪᠯᠡᠭᠡ ᠲᠣᠭᠲᠠᠭᠠᠵᠤ᠂ ᠰᠠᠯᠠᠭ᠎ᠠ | ᠮᠥᠴᠢᠷ ᠢᠶᠠᠷ 38 ᠲᠥᠯᠥᠪᠯᠡᠭᠡ ᠲᠣᠭᠲᠠᠭᠠᠵᠤ᠂ 3 ᠶᠢ ᠨᠢ ᠪᠡᠶᠡᠯᠡᠭᠦᠯᠵᠦ᠂ 44 ᠵᠠᠬ᠎ᠠ ᠳᠡᠯᠭᠡᠭᠦᠷ ᠤᠨ ᠭᠤᠤᠯ | ᠴᠣᠭᠴᠠ ᠶᠢ ᠪᠠᠶᠢᠴᠠᠭᠠᠪᠠ᠃ 2024 ᠣᠨ ᠤ ᠠᠵᠤ ᠠᠬᠤᠶᠢᠯᠠᠯ ᠤᠨ ᠣᠨ ᠤ ᠮᠡᠳᠡᠭᠦᠯᠦᠯᠲᠡ ᠶᠢᠨ ᠠᠵᠢᠯ ᠢ | ᠢᠳᠡᠪᠬᠢᠲᠡᠶ ᠥᠷᠨᠢᠭᠦᠯᠵᠦ᠂ ᠠᠵᠤ ᠠᠬᠤᠶᠢᠯᠠᠯ ᠪᠠ ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶ᠎ᠠ ᠶᠢᠨ ︽ | ᠦᠬᠦᠰᠢᠷᠡᠮᠡᠯ ᠡᠷᠦᠬᠡ︾ ᠶᠢ 346 ᠡᠷᠦᠬᠡ ᠴᠡᠪᠡᠷᠯᠡᠵᠦ᠂ ᠬᠡᠪ ᠤᠨ ᠪᠤᠰᠤ ᠡᠵᠡᠩᠨᠡᠯᠲᠡ ᠶᠢᠨ ᠨᠡᠷᠡᠰ ᠤᠨ | ᠵᠢᠭᠰᠠᠭᠠᠯᠲᠠ ᠶᠢ 1150 ᠡᠷᠦᠬᠡ ᠰᠢᠯᠵᠢᠭᠦᠯᠦᠨ ᠭᠠᠷᠭᠠᠵᠤ᠂ ᠢᠲᠡᠭᠡᠮᠵᠢ ᠶᠢᠨ ᠬᠢᠵᠠᠭᠠᠷᠯᠠᠯ ᠤᠨ ᠦᠢᠯᠡᠳᠦᠯ | ᠴᠢᠳᠠᠪᠤᠷᠢ ᠶᠢ ᠠᠯᠬᠤᠮ ᠠᠯᠬᠤᠮ ᠢᠶᠠᠷ ᠪᠠᠳᠠᠷᠠᠭᠤᠯᠪᠠ᠃ |