ᠨᠢᠩᠴᠧᠩ ᠰᠢᠶᠠᠨ ᠤ ᠣᠷᠣᠨ ᠰᠠᠭᠤᠴᠠ ᠪᠣᠯᠤᠨ ᠬᠤᠲᠠ ᠬᠥᠳᠡᠭᠡ ᠶᠢᠨ  ᠪᠠᠢᠭᠤᠯᠤᠯᠲᠠ ᠶᠢᠨ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠠᠪᠴᠤ ᠪᠠᠷᠢᠯᠭ᠎ᠠ ᠪᠠᠷᠢᠬᠤ ᠶᠠᠰᠤ ᠴᠢᠨᠠᠷ ᠤᠨ ᠠᠶᠤᠯᠭᠦᠢ ᠶᠢᠨ ᠠᠵᠢᠯ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠤᠨ᠎ᠠ
ᠨᠡᠶᠢᠲᠡᠯᠡᠭᠰᠡᠨ ᠴᠠᠭ᠄
2024/8/1
    ᠵᠢᠯ ᠤᠨ ᠡᠬᠢᠨ ᠠᠴᠠ ᠨᠠᠰᠢ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠠᠶᠢᠭᠤᠯᠤᠯᠲᠠ ᠶᠢᠨ ᠲᠣᠪᠴᠢᠶ᠎ᠠ ︽ᠤᠯᠠᠭᠠᠨᠬᠠᠳᠠ ᠬᠤᠲᠠ ᠶᠢᠨ ᠢᠨᠵᠧᠨᠧᠷᠢᠩ ᠤᠨ ᠴᠢᠨᠠᠷ ᠤᠨ ᠠᠮᠤᠷ ᠲᠦᠪᠰᠢᠨ ᠤ ᠵᠠᠰᠠᠯᠲᠠ ᠶᠢᠨ ᠭᠤᠷᠪᠠᠨ ᠵᠢᠯ ᠤᠨ ᠳᠡᠭᠡᠭᠰᠢᠯᠡᠭᠦᠯᠬᠦ ᠠᠵᠢᠯᠯᠠᠭ᠎ᠠ︾ ᠪᠠ ︽ᠨᠢᠩᠴᠧᠩ ᠰᠢᠶᠠᠨ ᠤ ᠠᠶᠤᠯᠭᠦᠶ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠰᠢᠪᠲᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ︾ ᠵᠢᠴᠢ ︽ᠨᠢᠩᠴᠧᠩ ᠰᠢᠶᠠᠨ ᠤ ᠠᠶᠤᠯᠭᠦᠶ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠡᠭᠡ ᠴᠡᠭᠴᠡᠯᠡᠯᠲᠡ ᠶᠢᠨ ᠵᠠᠭᠤᠨ ᠡᠳᠦᠷ ᠤᠨ ᠪᠣᠭᠤᠮᠲᠠ ᠰᠢᠪᠲᠤᠯᠬᠤ︾ ᠠᠵᠢᠯ ᠢᠶᠠᠷ ᠠᠵᠢᠯ ᠤᠨ ᠤᠳᠤᠷᠢᠳᠤᠮᠵᠢ ᠪᠣᠯᠭᠠᠵᠤ᠂ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠠᠬᠢᠭᠤᠯᠪᠠ᠃    ᠨᠢᠭᠡ ᠳᠤ᠂ ᠬᠠᠪᠤᠷ ᠤᠨ ᠤᠯᠠᠷᠢᠯ ᠤᠨ ᠭᠡᠷ ᠪᠠᠶᠢᠰᠢᠩ ᠤᠨ ᠪᠠᠷᠢᠯᠭ᠎ᠠ ᠶᠢᠨ ᠠᠵᠢᠯ ᠤᠨ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ᠂ ᠵᠤᠨ ᠤ ᠤᠯᠠᠷᠢᠯ ᠤᠨ ᠭᠡᠷ ᠪᠠᠶᠢᠰᠢᠩ ᠤᠨ ᠪᠠᠷᠢᠯᠭ᠎ᠠ ᠶᠢᠨ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ᠂ ᠪᠠᠷᠢᠯᠭ᠎ᠠ ᠶᠢᠨ ᠬᠦᠨᠳᠦ ᠶᠢ ᠡᠷᠭᠦᠬᠦ ᠮᠠᠰᠢᠨ ᠪᠣᠯᠤᠨ ᠲᠦᠷ ᠴᠠᠭ ᠤᠨ ᠴᠠᠬᠢᠯᠭᠠᠨ ᠬᠡᠷᠡᠭᠯᠡᠬᠦ ᠲᠤᠰᠬᠠᠢ ᠵᠦᠢᠯ ᠤᠨ ᠠᠮᠤᠷ ᠲᠦᠪᠰᠢᠨ ᠤ ᠪᠠᠶᠢᠴᠠᠭᠠᠯᠲᠠ ᠵᠢᠴᠢ ᠡᠳᠦᠷ ᠲᠤᠳᠤᠮ ᠤᠨ ᠲᠣᠭᠤᠷᠢᠨ ᠪᠠᠶᠢᠴᠠᠭᠠᠬᠤ ᠠᠵᠢᠯ ᠢᠶᠠᠷ ᠳᠠᠮᠵᠢᠭᠤᠯᠤᠨ᠂ ᠡᠯ᠎ᠡ ᠲᠦᠷᠦᠯ ᠤᠨ ᠠᠮᠤᠷ ᠲᠦᠪᠰᠢᠨ ᠤ ᠬᠡᠮ ᠰᠣᠭᠤᠭ ᠢ ᠨᠡᠶᠢᠲᠡ 256 ᠵᠢᠭᠰᠠᠭᠠᠨ ᠪᠠᠶᠢᠴᠠᠭᠠᠵᠤ᠂ ᠪᠦᠬᠦᠨ ᠢ ᠴᠡᠭᠴᠡᠯᠡᠨ ᠰᠠᠶᠢᠵᠢᠷᠠᠭᠤᠯᠵᠤ ᠳᠠᠭᠤᠰᠬᠠᠪᠠ᠃    ᠬᠤᠶᠠᠷ ᠲᠤ᠂ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠢ 1 ᠤᠳᠠᠭ᠎ᠠ ᠵᠣᠬᠢᠶᠠᠨ ᠪᠠᠶᠢᠭᠤᠯᠤᠨ ᠦᠷᠭᠦᠯᠵᠢᠯᠡᠨ ᠬᠥᠮᠦᠵᠢᠭᠦᠯᠦᠨ ᠪᠣᠯᠪᠠᠰᠤᠷᠠᠭᠤᠯᠪᠠ᠃ ᠪᠦᠬᠦ ᠰᠢᠶᠠᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠦᠢᠯᠡᠳᠪᠦᠷᠢᠯᠡᠯ ᠤᠨ ᠠᠶᠤᠯᠭᠦᠢ ᠶᠢᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠣᠷᠢᠯᠲᠠ ᠶᠢ ᠵᠣᠬᠢᠶᠠᠨ ᠪᠠᠶᠢᠭᠤᠯᠵᠤ᠂ ᠠᠵᠤ ᠠᠬᠤᠶᠢᠯᠠᠯ ᠤᠨ ᠠᠵᠢᠯᠲᠠᠨ ᠤ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠪᠠ ᠠᠶᠤᠯᠭᠦᠢ ᠦᠢᠯᠡᠳᠪᠦᠷᠢᠯᠡᠯ ᠤᠨ ᠦᠵᠡᠯ ᠤᠬᠠᠮᠰᠠᠷ ᠢ ᠤᠯᠠᠮ ᠨᠢᠭᠡ ᠠᠯᠬᠤᠮ ᠨᠡᠮᠡᠭᠳᠡᠭᠦᠯᠪᠡ᠃ ᠡᠭᠦᠨ ᠤ ᠬᠠᠮᠲᠤ᠂ ᠣᠯᠠᠨ ᠵᠠᠭᠤᠴᠢᠯᠠᠭᠤᠷ ᠢ ᠠᠰᠢᠭᠯᠠᠨ ︽ᠠᠶᠤᠯᠭᠦᠢ ᠦᠢᠯᠡᠳᠪᠦᠷᠢᠯᠡᠯ ᠤᠨ ᠰᠠᠷ᠎ᠠ ︾ ᠶᠢᠨ ᠠᠵᠢᠯᠯᠠᠭ᠎ᠠ ᠶᠢ ᠤᠬᠠᠭᠤᠯᠤᠨ ᠮᠡᠳᠡᠭᠡᠯᠡᠵᠦ᠂ ᠨᠡᠶᠢᠭᠡᠮ ᠤᠨ ᠰᠠᠶᠢᠨ ᠲᠤᠰᠬᠠᠯ ᠢ ᠣᠯᠪᠠ᠃    ᠭᠤᠷᠪᠠ ᠳᠤ᠂ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠪᠠ ᠮᠡᠷᠭᠡᠵᠢᠯ ᠤᠨ ᠦᠢᠯᠡᠴᠢᠯᠡᠭᠡᠨ ᠤ ᠠᠵᠢᠯ ᠢ ᠢᠳᠡᠪᠬᠢᠲᠡᠶ ᠰᠠᠶᠢᠲᠤᠷ ᠬᠢᠵᠦ᠂ ᠬᠡᠷ ᠪᠠᠶᠢᠰᠢᠩ ᠤᠨ ᠪᠠᠷᠢᠯᠭ᠎ᠠ ᠶᠢᠨ ᠪᠦᠲᠦᠴᠡ ᠶᠢᠨ ᠠᠮᠤᠷ ᠲᠦᠪᠰᠢᠨ ᠳᠤ ᠬᠤᠯᠪᠣᠭᠳᠠᠬᠤ ᠭᠤᠤᠯᠳᠠᠯᠭ᠎ᠠ ᠲᠠᠢ ᠬᠡᠰᠡᠭ ᠬᠤᠪᠢᠶᠠᠭᠰᠠᠨ ᠪᠠᠷᠢᠯᠭ᠎ᠠ ᠶᠢ ᠬᠢᠨᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ 2024 ᠣᠨ ᠤ ᠳᠡᠭᠡᠷ᠎ᠡ ᠬᠠᠭᠠᠰ ᠵᠢᠯ ᠳᠤ ᠶᠠᠰᠤ ᠴᠢᠨᠠᠷ ᠤᠨ ᠴᠢᠬᠤᠯᠠ ᠶᠡᠭᠡ ᠠᠳᠡᠯ ᠭᠠᠷᠤᠭᠰᠠᠨ ᠥᠬᠡᠶ᠃ ᠮᠠᠨ ᠤ ᠰᠢᠶᠠᠨ ᠤ ᠳ᠋ᠦᠩ ᠲᠢᠩ ᠱᠧᠩ ᠵᠢᠩ ᠲᠣᠭᠤᠷᠢᠭ ᠪᠣᠯᠤᠨ ᠲᠦᠷᠭᠡᠨ ᠤ ᠲᠡᠮᠦᠷ ᠵᠠᠮ ᠤᠨ ᠡᠷᠬᠢᠨ ᠲᠣᠭᠤᠷᠢᠨ ᠤ ᠵᠠᠮ ᠤᠨ ᠲᠣᠣᠷ ᠤᠨ ᠰᠠᠭᠤᠷᠢ ᠲᠥᠬᠦᠭᠡᠷᠦᠮᠵᠢ ᠶᠢᠨ  ᠪᠠᠶᠢᠭᠤᠯᠤᠯᠲᠠ ᠶᠢᠨ 2 ᠲᠦᠷᠦᠯ ᠵᠦᠢᠯ ᠨᠢ ᠬᠤᠳᠠ ᠶᠢᠨ ᠲᠡᠰ ᠤᠨ ᠰᠢᠯᠢᠳᠡᠭ ᠢᠨᠵᠧᠨᠧᠷᠢᠩ ᠢᠶᠠᠷ ᠦᠨᠡᠯᠡᠭᠳᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号