ᠨᠢᠩᠴᠧᠩ ᠰᠢᠶᠠᠨ ᠬᠥᠪᠰᠥᠭᠡᠷ ᠰᠢᠷᠤᠢ ᠶᠢᠨ ᠪᠦᠲᠦᠭᠡᠭᠳᠡᠬᠦᠨ ᠢᠶᠠᠨ ᠭᠠᠳᠠᠭᠠᠳᠤ ᠳᠤ ᠭᠠᠷᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2024/8/1
        ᠨᠢᠩᠴᠧᠩ ᠰᠢᠶᠠᠨ ᠡᠬᠢ ᠪᠠᠶᠠᠯᠢᠭ᠂ ᠣᠷᠣᠨ ᠪᠠᠶᠢᠷᠢ ᠶᠢᠨ ᠳᠠᠪᠠᠭᠤᠯᠢᠭ ᠲᠠᠭᠠᠨ ᠰᠠᠭᠤᠷᠢᠯᠠᠨ᠂ ᠬᠥᠪᠰᠥᠭᠡᠷ  ᠰᠢᠷᠣᠶ ᠶᠢᠨ ᠠᠵᠤ  ᠦᠢᠯᠡᠰ ᠢ ᠶᠡᠬᠡᠪᠡᠷ ᠬᠥᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢ ᠪᠦᠷᠢᠨᠰᠢᠭᠦᠯᠦᠨ  ᠲᠡᠭᠦᠯᠳᠡᠷᠵᠢᠭᠦᠯᠵᠦ᠂ ᠣᠳᠣᠬᠠᠨ ᠳᠤ ᠨᠡᠶᠢᠲᠡ 44 ᠬᠥᠪᠰᠥᠭᠡᠷ ᠰᠢᠷᠣᠶ ᠡᠳ᠋ᠰᠢᠭᠦᠯᠬᠦ ᠠᠵᠤ ᠠᠬᠤᠶᠢᠯᠠᠯ ᠪᠠᠶᠢᠵᠤ᠂  ᠵᠢᠯ ᠤᠨ ᠭᠠᠷᠤᠯᠲᠠ 260 ᠲᠦᠮᠡᠨ ᠲᠣᠨ ᠳᠤ ᠬᠦᠷᠴᠦ᠂ ᠡᠭᠦᠨ ᠳᠤ ᠮᠤᠤᠷ ᠤᠨ ᠡᠯᠡᠰᠦᠨ ᠤ ᠭᠠᠷᠤᠯᠲᠠ 150  ᠲᠦᠮᠡᠨ ᠲᠣᠨ ᠳᠤ ᠬᠦᠷᠴᠦ᠂ 9 ᠳ᠋ᠦᠩᠰᠢᠭᠤᠷ ᠲᠥᠭᠦᠷᠢᠭ ᠤᠨ ᠦᠢᠯᠡᠳᠭᠦᠨ ᠤ ᠥᠷᠲᠡᠭ ᠢ ᠪᠡᠶᠡᠯᠡᠭᠦᠯᠵᠦ᠂  ᠭᠠᠶᠢᠯᠢ ᠶᠢᠨ ᠣᠷᠣᠯᠭ᠎ᠠ ᠶᠢ 7000 ᠲᠦᠮᠡᠨ ᠲᠥᠭᠦᠷᠢᠭ ᠪᠡᠶᠡᠯᠡᠭᠦᠯᠪᠡ᠃ 1 - 6 ᠰᠠᠷ᠎ᠠ ᠳᠤ᠂ ᠪᠦᠬᠦ ᠰᠢᠶᠠᠨ ᠤ  ᠬᠥᠪᠰᠥᠭᠡᠷ ᠰᠢᠷᠣᠶ ︵ᠪᠦᠲᠦᠭᠡᠭᠳᠡᠬᠦᠨ︶ ᠭᠠᠳᠠᠭᠠᠳᠤ ᠠᠷᠠᠯᠵᠢᠶᠠᠨ ᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ  ᠨᠡᠶᠢᠲᠡ14 ᠪᠠᠶᠢᠵᠤ᠂ ᠡᠭᠦᠨ ᠳᠤ ᠥᠪᠡᠷ ᠢᠶᠠᠨ ᠡᠵᠡᠩᠨᠡᠵᠦ ᠪᠠᠶᠢᠭ᠎ᠠ ᠭᠠᠳᠠᠭᠠᠳᠤ ᠳᠤ ᠭᠠᠷᠭᠠᠬᠤ ᠠᠵᠤ ᠠᠬᠤᠶᠢᠯᠠᠯ  2 ᠨᠡᠮᠡᠭᠳᠡᠵᠦ᠂ ᠥᠪᠡᠷ ᠢᠶᠠᠨ ᠡᠵᠡᠩᠨᠡᠵᠦ ᠪᠠᠶᠢᠭ᠎ᠠ ᠭᠠᠳᠠᠭᠠᠳᠤ ᠳᠤ ᠭᠠᠷᠭᠠᠬᠤ ᠲᠤᠭ᠎ᠠ 5245.78 ᠲᠦᠮᠡᠨ  ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 186% ᠨᠡᠮᠡᠭᠳᠡᠪᠡ᠃ ᠭᠠᠳᠠᠭᠠᠳᠤ ᠳᠤ ᠭᠠᠷᠭᠠᠬᠤ  ᠪᠦᠲᠦᠭᠡᠭᠳᠡᠬᠦᠨ ᠨᠢ ᠹᠢᠨᠯᠠᠨᠳ᠋᠂ ᠣᠷᠣᠰ᠂ ᠮᠠᠯᠠᠶᠢᠰᠢᠶ᠎ᠠ᠂ ᠰᠢᠩᠭᠠᠫᠤᠷ᠂ ᠺᠣᠷᠢᠶᠠ᠂ ᠲᠠᠢ ᠤᠯᠤᠰ᠂ ᠳᠤᠮᠳᠠᠳᠤ  ᠤᠯᠤᠰ ᠤᠨ ᠰᠢᠶᠠᠩᠭᠠᠩ ᠵᠡᠷᠭᠡ ᠤᠯᠤᠰ ᠪᠠ ᠭᠠᠵᠠᠷ ᠣᠷᠣᠨ ᠳᠤ ᠪᠣᠷᠣᠯᠠᠭᠤᠯᠤᠭᠳᠠᠨ᠎ᠠ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号