| ᠨᠠᠰᠤᠲᠠᠶᠢᠴᠤᠳ ᠤᠨ ᠠᠰᠠᠷ ᠠᠴᠠ ᠪᠠᠭᠤᠬᠤ ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ | ᠬᠠᠭᠤᠴᠢᠨ ᠬᠤᠷᠢᠶᠠᠯᠠᠯ ᠳᠤ ᠴᠠᠬᠢᠯᠭᠠᠨ ᠱᠠᠲᠤ ᠨᠡᠮᠡᠵᠦ ᠤᠭᠰᠠᠷᠠᠬᠤ ᠲᠥᠷᠥᠯ ᠵᠦᠢᠯ ᠢ ᠠᠩᠬ᠎ᠠ ᠤᠳᠠᠭ᠎ᠠ | ᠬᠡᠷᠡᠭᠵᠢᠭᠦᠯᠵᠦ᠂ ᠰᠠᠭᠤᠭᠠᠯᠢ ᠠᠷᠠᠳ ᠰᠠᠨᠠᠭᠠᠴᠢᠯᠠᠭ᠎ᠠ ᠠᠴᠠ ᠪᠠᠨ ᠭᠤᠶᠤᠴᠢᠯᠠᠬᠤ ᠪᠠᠷ ᠳᠠᠮᠵᠢᠭᠤᠯᠤᠨ᠂ ᠠᠵᠢᠯᠲᠠᠳ | ᠡᠷᠦᠬᠡ ᠳᠤ ᠬᠦᠷᠴᠦ ᠪᠠᠶᠢᠴᠠᠭᠠᠵᠤ᠂ 17 ᠴᠠᠬᠢᠯᠭᠠᠨ ᠱᠠᠲᠤ ᠨᠡᠮᠡᠵᠦ ᠤᠭᠰᠠᠷᠠᠬᠤ ᠪᠠᠷ ᠲᠣᠭᠲᠠᠭᠠᠵᠤ᠂ | ᠬᠤᠶᠢᠰᠢᠳᠠ ᠶᠢᠨ ᠬᠠᠭᠤᠴᠢᠨ ᠬᠤᠷᠢᠶᠠᠯᠠᠯ ᠳᠤ ᠴᠠᠬᠢᠯᠭᠠᠨ ᠱᠠᠲᠤ ᠨᠡᠮᠡᠵᠦ ᠤᠭᠰᠠᠷᠠᠬᠤ ᠠᠵᠢᠯ ᠤᠨ ᠲᠤᠷᠰᠢᠯᠭ᠎ᠠ | ᠬᠤᠷᠠᠮᠳᠤᠭᠤᠯᠬᠤ ᠶᠢᠨ ᠬᠠᠮᠲᠤ ᠰᠠᠶᠢᠨ ᠰᠠᠭᠤᠷᠢ ᠲᠠᠯᠪᠢᠵᠤ ᠥᠭᠪᠡ᠃ ᠥᠭᠡᠷᠡᠴᠢᠯᠡᠨ ᠪᠠᠶᠢᠭᠤᠯᠵᠤ ᠳᠠᠭᠤᠰᠤᠭᠰᠠᠨ ᠤ | ᠳᠠᠷᠠᠭ᠎ᠠ ᠰᠠᠭᠤᠭᠠᠯᠢ ᠠᠷᠠᠳ ᠤᠨ ᠲᠣᠭᠤᠷᠢᠭ ᠢ ᠠᠷᠢᠭᠤᠨ ᠴᠡᠪᠡᠷ ᠣᠷᠴᠢᠨ ᠲᠣᠭᠤᠷᠢᠨ ᠪᠣᠯᠭᠠᠵᠤ᠂ ᠣᠷᠣᠨ | ᠰᠠᠭᠤᠴᠠ ᠶᠢᠨ ᠴᠢᠳᠠᠮᠵᠢ ᠶᠢ ᠠᠬᠢᠭᠤᠯᠤᠨ ᠲᠡᠭᠦᠯᠳᠡᠷᠵᠢᠭᠦᠯᠵᠦ᠂ ᠠᠮᠢᠳᠤᠷᠠᠯ ᠤᠨ ᠴᠢᠨᠠᠷ ᠴᠢᠨᠰᠠᠭ᠎ᠠ ᠶᠢ ᠶᠡᠭᠡ ᠪᠠᠷ | ᠳᠡᠭᠡᠭᠰᠢᠯᠡᠭᠦᠯᠬᠦ ᠶᠢᠨ ᠬᠠᠮᠲᠤ ᠬᠤᠲᠠ ᠶᠢᠨ ᠳᠦᠷᠢ ᠲᠥᠷᠬᠦ ᠳᠤ ᠥᠩᠭᠡ ᠬᠡᠷᠡᠯ ᠨᠡᠮᠡᠷᠢᠯᠡᠨ᠎ᠠ᠃ ᠣᠳᠣᠬᠠᠨ ᠳᠤ᠂ | ᠰᠠᠭᠤᠷᠢ ᠲᠥᠬᠦᠭᠡᠷᠦᠮᠵᠢ ᠶᠢ ᠨᠡᠶᠢᠲᠡ 45 ᠬᠠᠭᠤᠴᠢᠨ ᠬᠤᠷᠢᠶᠠᠯᠠᠯ᠂ 57 ᠰᠠᠭᠤᠷᠢ ᠣᠷᠣᠨ ᠰᠠᠭᠤᠴᠠ ᠶᠢᠨ | ᠠᠰᠠᠷ ᠢ ᠥᠭᠡᠷᠡᠴᠢᠯᠡᠨ ᠵᠠᠰᠠᠵᠤ᠂ ᠪᠠᠷᠢᠯᠭ᠎ᠠ ᠶᠢᠨ ᠲᠠᠯᠠᠪᠠᠶ ᠨᠢ 27.76 ᠲᠦᠮᠡᠨ ᠲᠡᠭᠰᠢ ᠳᠥᠷᠪᠡᠯᠵᠢᠨ ᠮᠧᠲᠷ ᠲᠤ | ᠬᠦᠷᠪᠡ᠃ ᠭᠠᠳᠠᠷ ᠬᠡᠷᠡᠮ ᠤᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ 48 ᠬᠤᠷᠢᠶᠠᠯᠠᠯ᠂ 59 ᠣᠷᠣᠨ | ᠰᠠᠭᠤᠴᠠ ᠶᠢᠨ ᠠᠰᠠᠷ ᠢ ᠥᠭᠡᠷᠡᠴᠢᠯᠡᠨ ᠵᠠᠰᠠᠵᠤ᠂ 27.4 ᠲᠦᠮᠡᠨ ᠲᠡᠭᠰᠢ ᠳᠥᠷᠪᠡᠯᠵᠢᠨ ᠮᠧᠲᠷ᠂ 4244 ᠡᠷᠦᠬᠡ | ᠬᠥᠮᠦᠨ ᠠᠮᠠ ᠳᠤ ᠠᠰᠢᠭ ᠬᠦᠷᠲᠡᠭᠡᠪᠡ᠃ ᠦᠯᠡᠳᠡᠭᠰᠡᠨ ᠬᠠᠭᠤᠴᠢᠨ ᠬᠤᠷᠢᠶᠠᠯᠠᠯ ᠢ ᠥᠭᠡᠷᠡᠴᠢᠯᠡᠨ ᠰᠢᠨᠡᠳᠬᠡᠬᠦ | ᠡᠭᠦᠷᠭᠡ ᠶᠢ 2024 ᠣᠨ ᠤ 10 ᠰᠠᠷ᠎ᠠ ᠳᠤ ᠪᠦᠬᠦᠨ ᠢ ᠳᠠᠭᠤᠰᠬᠠᠬᠤ ᠪᠠᠷ ᠲᠥᠯᠥᠪᠯᠡᠵᠦ ᠪᠠᠶᠢᠨ᠎ᠠ᠃ | |