| ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠴᠣᠬᠤᠯᠠᠪᠤᠷᠢ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠦᠨᠳᠦᠰᠦ ᠠᠴᠠ ᠨᠢ ᠵᠠᠰᠠᠬᠤ ᠪᠣᠭᠤᠮᠲᠠ | ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠠᠵᠢᠯ ᠢ ᠬᠦᠨᠵᠡᠭᠡᠶᠢᠷᠡᠭᠦᠯᠦᠨ ᠬᠦᠭᠵᠢᠬᠦᠯᠬᠦ ᠶᠢ ᠡᠷᠡᠰ | ᠠᠬᠢᠭᠤᠯᠬᠤ ᠶᠢᠨ ᠲᠥᠯᠥᠭᠡ᠂ ︽︿ᠨᠢᠩᠴᠧᠩ ᠰᠢᠶᠠᠨ ᠤ ᠠᠭᠤᠷᠬᠠᠶ ᠶᠢᠨ ᠠᠶᠤᠯᠭᠦᠶ ᠦᠢᠯᠡᠳᠪᠦᠷᠢᠯᠡᠯ ᠤᠨ ᠵᠠᠭᠤᠨ | ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ | ᠮᠡᠳᠡᠭᠳᠡᠯ︾ ᠤᠨ ᠪᠣᠳᠠᠲᠠᠶ ᠪᠠᠶᠢᠷᠢᠯᠠᠭᠤᠯᠤᠯᠲᠠ ᠶᠢ ᠦᠨᠳᠦᠰᠦᠯᠡᠨ᠂ ᠨᠢᠩᠴᠧᠩ ᠰᠢᠶᠠᠨ ᠤ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠠᠭᠤᠷᠬᠠᠶ ᠶᠢᠨ ᠬᠢᠨᠠᠯᠲᠠ ᠬᠠᠮᠢᠶᠠᠷᠤᠯᠲᠠ ᠶᠢᠨ ᠲᠠᠰᠤᠭ ᠵᠠᠭᠤᠨ | ᠡᠳᠦᠷ ᠤᠨ ᠪᠣᠭᠤᠮᠲᠠ ᠰᠢᠪᠲᠤᠯᠬᠤ ᠲᠤᠰᠬᠠᠶ ᠪᠠᠶᠢᠴᠠᠭᠠᠯᠲᠠ ᠬᠢᠭᠡᠳ ᠡᠳᠦᠷ ᠲᠤᠲᠤᠮ ᠤᠨ ᠬᠠᠤᠯᠢ ᠬᠡᠷᠡᠭᠵᠢᠭᠦᠯᠬᠦ | ᠠᠵᠢᠯ ᠢ ᠨᠢᠭᠲᠠ ᠤᠶᠠᠯᠳᠤᠭᠤᠯᠵᠤ᠂ ᠠᠯᠢ ᠣᠯᠠᠨ ᠪᠠᠶᠢᠴᠠᠭᠠᠬᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶ | ᠥᠷᠨᠢᠭᠦᠯᠪᠡ᠃ | ᠪᠠᠶᠢᠴᠠᠭᠠᠬᠤ ᠶᠠᠪᠤᠴᠠ ᠳᠤ᠂ ᠬᠠᠮᠢᠶ᠎ᠠ ᠪᠥᠬᠦᠶ ᠠᠵᠤ ᠠᠬᠤᠶᠢᠯᠠᠯ ᠢ ᠴᠢᠩᠭ᠎ᠠ ᠰᠢᠮᠳᠠᠭᠤᠯᠵᠤ ᠪᠠᠶᠢᠭᠠᠳ ᠠᠶᠤᠯᠭᠦᠶ | ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠭᠦᠯᠵᠦ᠂ ᠠᠶᠤᠯᠭᠦᠶ | ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠪᠥᠬᠦ ᠲᠠᠯ᠎ᠠ ᠪᠠᠷ᠂ ᠨᠠᠷᠢᠨ ᠨᠢᠮᠪᠠᠶ ᠵᠣᠬᠢᠶᠠᠨ ᠪᠠᠶᠢᠭᠤᠯᠤᠨ | ᠥᠷᠨᠢᠭᠦᠯᠵᠦ᠂ ᠪᠠᠶᠢᠴᠠᠭᠠᠯᠲᠠ ᠶᠢᠨ ᠪᠣᠶ ᠪᠥᠬᠦᠶ ᠭᠤᠭᠴᠤᠭ᠎ᠠ ᠶᠢ ᠬᠠᠮᠤᠷᠬᠤ᠂ ᠥᠨᠴᠥᠭ ᠪᠤᠯᠤᠩ ᠦᠯᠡᠳᠡᠭᠡᠬᠦ ᠥᠬᠡᠶ | ᠪᠠᠶᠢᠬᠤ ᠶᠢ ᠦᠨᠡᠨᠬᠦ ᠪᠠᠲᠤᠯᠠᠪᠠ᠃ ᠡᠭᠦᠨ ᠤ ᠬᠠᠮᠲᠤ ᠠᠵᠤ ᠠᠬᠤᠶᠢᠯᠠᠯ ᠢ ᠠᠶᠤᠯᠭᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠤᠯᠢ | ᠴᠠᠭᠠᠵᠠ ᠬᠠᠤᠯᠢ ᠲᠣᠭᠲᠠᠭᠠᠯ ᠪᠣᠯᠤᠨ ᠪᠠᠷᠢᠮᠵᠢᠶ᠎ᠠ ᠲᠦᠷᠢᠮ ᠢ ᠴᠢᠩᠭ᠎ᠠ ᠬᠡᠷᠡᠭᠵᠢᠭᠦᠯᠵᠦ᠂ ᠡᠯ᠎ᠡ ᠲᠦᠷᠦᠯ ᠤᠨ | ᠠᠳᠡᠯ ᠤᠨ ᠭᠡᠮ ᠰᠣᠭᠤᠭ ᠢ ᠴᠠᠭ ᠲᠤᠬᠠᠢ ᠳᠤᠨᠢ ᠢᠯᠡᠷᠡᠭᠦᠯᠬᠦ ᠶᠢᠨ ᠬᠠᠮᠲᠤ ᠵᠠᠰᠠᠬᠤ ᠬᠡᠷᠡᠭᠲᠡᠢ ᠭᠡᠵᠦ ᠱᠠᠭᠠᠷᠳᠠᠪᠠ᠃ | ᠬᠠᠶᠢᠯᠤᠭᠤᠷ ᠵᠣᠩᠰᠢ ᠶᠢᠨ ᠠᠭᠤᠷᠬᠠᠶ᠂ ᠭᠠᠵᠠᠷ ᠳᠣᠤᠷᠠᠬᠢ ᠠᠭᠤᠷᠬᠠᠶ ᠶᠢᠨ ᠮᠠᠯᠲᠠᠵᠤ ᠬᠥᠨᠳᠡᠶᠢᠷᠡᠭᠦᠯᠦᠭᠰᠡᠨ | ᠣᠷᠣᠨ ᠵᠢᠴᠢ ᠦᠯᠡᠳᠡᠭᠳᠡᠯ ᠬᠦᠳᠡᠷ ᠤᠨ ᠬᠥᠮᠥᠷᠭᠡ ᠵᠡᠷᠭᠡ ᠭᠤᠤᠯᠳᠠᠯᠭ᠎ᠠ ᠲᠠᠢ ᠬᠦᠷᠢᠶᠡᠨ ᠳᠤ ᠴᠢᠭᠯᠡᠭᠦᠯᠦᠨ᠂ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ ᠠᠶᠤᠯᠭᠦᠶ ᠦᠢᠯᠡᠳᠪᠦᠷᠢᠯᠡᠯ ᠢ ᠪᠦᠲᠦᠮᠵᠢᠲᠡᠶ | ᠪᠠᠲᠤᠯᠠᠬᠤ ᠶᠢ ᠦᠨᠡᠨᠬᠦ ᠪᠠᠲᠤᠯᠠᠨ᠎ᠠ᠃ ᠡᠭᠦᠨ ᠠᠴᠠ ᠭᠠᠳᠠᠨ᠎ᠠ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ | ᠠᠶᠤᠯᠭᠦᠶ ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠭᠤᠯᠤᠯ ᠤᠨ ᠡᠷᠴᠢᠮ ᠢ ᠨᠡᠮᠡᠭᠳᠡᠭᠦᠯᠵᠦ᠂ ᠣᠯᠠᠨ ᠵᠦᠢᠯ ᠤᠨ | ᠬᠡᠯᠪᠡᠷᠢ ᠮᠠᠶ᠋ᠢᠭ ᠢᠶᠠᠷ ᠳᠠᠮᠵᠢᠭᠤᠯᠤᠨ ᠠᠶᠤᠯᠭᠦᠶ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠢ ᠴᠢᠩᠭᠠᠳᠬᠠᠨ᠂ | ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠠᠮᠤᠷ ᠲᠦᠪᠰᠢᠨ ᠤ ᠦᠵᠡᠯ ᠤᠬᠠᠮᠰᠠᠷ ᠪᠣᠯᠤᠨ ᠥᠪᠡᠷ ᠢ ᠪᠠᠨ | ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠪᠡ᠃ | ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠮᠤᠷ ᠲᠦᠪᠰᠢᠨ ᠤ ᠳᠠᠯᠳᠠ ᠭᠡᠮ ᠢ ᠠᠵᠤ ᠠᠬᠤᠶᠢᠯᠠᠯ ᠢ ᠴᠠᠭ | ᠲᠤᠬᠠᠶ ᠳᠤᠨᠢ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠥᠷᠳᠡᠨ ᠰᠢᠮᠳᠠᠭᠤᠯᠵᠤ᠂ ᠴᠡᠭᠴᠡᠯᠡᠨ ᠰᠠᠶᠢᠵᠢᠷᠠᠭᠤᠯᠬᠤ ᠠᠰᠠᠭᠤᠳᠠᠯ ᠤᠨ | ᠳᠠᠬᠢᠨ ᠢᠯᠡᠷᠡᠬᠦ ᠦᠭᠡᠢ ᠪᠠᠶᠢᠬᠤ ᠶᠢ ᠦᠨᠡᠨᠬᠦ ᠪᠠᠲᠤᠯᠠᠪᠠ᠃ ᠡᠨᠡ ᠬᠦ ᠠᠯᠢ ᠣᠯᠠᠨ ᠠᠷᠭ᠎ᠠ ᠬᠡᠮᠵᠢᠶ᠎ᠡ ᠶᠢ | ᠬᠡᠷᠡᠭᠵᠢᠭᠦᠯᠬᠦ ᠪᠠᠷ ᠳᠠᠮᠵᠢᠭᠤᠯᠤᠨ᠂ ᠠᠭᠤᠷᠬᠠᠶ ᠶᠢᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠦᠷ᠎ᠡ ᠪᠦᠲᠦᠭᠡᠯ ᠢ | ᠤᠯᠠᠮ ᠨᠢᠭᠡ ᠠᠯᠬᠤᠮ ᠪᠠᠬᠢᠵᠢᠭᠦᠯᠦᠨ ᠭᠦᠨᠵᠡᠭᠡᠶᠢᠷᠡᠭᠦᠯᠵᠦ᠂ ᠪᠥᠬᠦ ᠰᠢᠶᠠᠨ ᠤ ᠠᠶᠤᠯᠭᠦᠶ ᠦᠢᠯᠡᠳᠪᠦᠷᠢᠯᠡᠯ ᠤᠨ | ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠳᠤ ᠬᠦᠴᠦᠨ ᠴᠢᠳᠠᠯ ᠢᠶᠠᠨ ᠡᠷᠭᠦᠨ᠎ᠡ᠃ |