| ᠨᠢᠭᠡ ᠳᠤ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠨᠠᠷᠢᠯᠢᠭ ᠣᠨᠣᠴᠠᠲᠠᠢ᠃ ᠪᠥᠬᠦ | ᠰᠢᠶᠠᠩ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠰᠦᠯᠵᠢᠶ᠎ᠡ ᠶᠢ ᠪᠠᠶᠢᠭᠤᠯᠵᠤ᠂ ᠰᠠᠷ᠎ᠠ ᠪᠦᠷᠢ | ᠤᠯᠠᠭᠠᠨᠬᠠᠳᠠ ᠬᠤᠲᠠ ᠶᠢᠨ ᠶᠠᠳᠠᠭᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ | ᠪᠠ ᠬᠠᠪᠰᠤᠷᠤᠨ ᠲᠡᠳᠬᠦᠬᠦ ᠰᠢᠰᠲ᠋ᠧᠮ ᠤᠨ ᠬᠠᠷᠢᠭᠤ ᠲᠤᠰᠬᠠᠭᠰᠠᠨ ᠮᠡᠳᠡᠭᠡ ᠵᠠᠩᠭᠢ ᠳᠤ ᠲᠦᠰᠢᠭᠯᠡᠨ ᠪᠦᠬᠦ | ᠰᠢᠶᠠᠩ ᠤᠨ ᠶᠠᠳᠠᠭᠤᠷᠠᠬᠤ ᠲᠦᠭᠰᠢᠭᠦᠷᠢ ᠲᠠᠢ ᠬᠥᠮᠥᠰ ᠤᠨ ᠬᠥᠳᠡᠯᠦᠯ ᠪᠠᠶᠢᠳᠠᠯ ᠢ ᠡᠵᠡᠮᠰᠢᠪᠡ᠃ ᠠᠷᠠᠳ ᠤᠨ | ᠶᠠᠪᠤᠳᠠᠯ ᠤᠨ ᠠᠯᠪᠠᠨ ᠬᠡᠷ᠂ ᠡᠮᠴᠢᠯᠡᠭᠡᠨ ᠤ ᠳᠠᠭᠠᠳᠬᠠᠯ ᠤᠨ ᠠᠯᠪᠠᠨ ᠬᠡᠷ ᠵᠡᠷᠭᠡ ᠲᠠᠢ ᠬᠤᠯᠪᠣᠭᠠᠯᠠᠨ ᠲᠤᠭ᠎ᠠ | ᠪᠠᠷᠢᠮᠲᠠ ᠶᠢ ᠬᠠᠮᠲᠤ ᠪᠠᠷ ᠭᠥᠷᠳᠡᠬᠦ᠂ ᠮᠡᠳᠡᠭᠡ ᠵᠠᠩᠭᠢ ᠶᠢ ᠬᠠᠷᠢᠯᠴᠠᠨ ᠨᠡᠪᠲᠡᠷᠡᠭᠦᠯᠬᠦ ᠪᠠ ᠠᠵᠢᠯ ᠢᠶᠠᠨ | ᠵᠣᠯᠭᠠᠭᠤᠯᠬᠤ ᠶᠢ ᠰᠠᠶᠢᠲᠤᠷ ᠬᠢᠵᠦ᠂ ᠣᠯᠠᠨ ᠠᠷᠭ᠎ᠠ ᠵᠠᠮ ᠢᠶᠠᠷ ᠬᠤᠯᠪᠣᠭᠠᠯᠠᠨ ᠬᠥᠳᠡᠯᠦᠯᠴᠡᠬᠦ᠂ ᠰᠠᠯᠠᠭ᠎ᠠ ᠮᠥᠴᠢᠷ | ᠠᠯᠤᠰᠯᠠᠨ ᠬᠠᠮᠵᠢᠯᠴᠠᠬᠤ᠂ ᠰᠢᠶᠠᠩ ᠤᠨ ᠱᠠᠲᠤᠨ ᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠶᠢ ᠯᠠᠪᠳᠠᠭᠤᠨ ᠪᠠᠲᠤᠲᠠᠶ ᠰᠠᠶᠢᠲᠤᠷ ᠬᠢᠨ᠎ᠠ᠃ | ᠬᠤᠶᠠᠷ ᠲᠤ᠂ ᠵᠢᠭᠰᠠᠭᠠᠨ ᠪᠠᠶᠢᠴᠠᠭᠠᠵᠤ ᠪᠠᠶᠢᠳᠠᠯ ᠢ ᠣᠨᠣᠪᠴᠢᠲᠠᠶ ᠤᠶᠢᠯᠠᠭᠠᠨ᠎ᠠ᠃ ᠲᠣᠰᠬᠤᠨ ᠢ | ᠳᠠᠭᠠᠭᠠᠴᠢᠯᠠᠭᠰᠠᠨ ᠺᠠᠳ᠋ᠷ᠂ ᠨᠢᠭᠡᠳᠦᠭᠡᠷ ᠱᠦᠵᠢ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ᠂ ᠬᠠᠪᠰᠤᠷᠤᠨ | ᠲᠡᠳᠬᠦᠬᠦ ᠨᠢᠭᠡᠴᠡ᠂ ᠬᠠᠪᠰᠤᠷᠤᠨ ᠲᠡᠳᠬᠦᠬᠦ ᠬᠠᠷᠢᠭᠤᠴᠠᠯᠭᠠᠲᠠᠨ ᠵᠡᠷᠭᠡ ᠬᠥᠮᠦᠰ ᠤᠨ ᠬᠦᠴᠦᠨ ᠢ ᠡᠮᠬᠢᠯᠡᠨ | ᠨᠡᠶᠢᠯᠡᠭᠦᠯᠵᠦ ᠬᠠᠷᠢᠶ᠎ᠠ ᠣᠷᠣᠨ ᠤ ᠳᠣᠲᠣᠷᠠᠬᠢ ᠲᠣᠰᠬᠤᠨ ᠤ ᠠᠷᠠᠳ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ | ᠰᠤᠷᠪᠤᠯᠵᠢᠯᠠᠨ᠂ ᠡᠷᠦᠬᠡ ᠳᠠᠷᠠᠭᠠᠯᠠᠨ ᠬᠠᠷᠭᠤᠭᠤᠯᠤᠨ ᠪᠠᠶᠢᠴᠠᠭᠠᠵᠤ᠂ ᠲᠠᠷᠢᠶᠠᠴᠢᠨ ᠡᠷᠦᠬᠡ ᠶᠢᠨ ᠦᠢᠯᠡᠳᠪᠦᠷᠢᠯᠡᠯ | ᠠᠮᠢᠳᠤᠷᠠᠯ᠂ ᠪᠡᠶ᠎ᠡ ᠮᠠᠬᠠᠪᠣᠳ ᠤᠨ ᠪᠠᠶᠢᠳᠠᠯ᠂ ᠠᠵᠤ ᠦᠢᠯᠡᠰ ᠤᠨ ᠬᠥᠭᠵᠢᠯᠲᠡ᠂ ᠣᠷᠣᠯᠭ᠎ᠠ ᠶᠢᠨ ᠪᠠᠶᠢᠳᠠᠯ᠂ ︽ | ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾᠂ ᠠᠮᠤᠷ ᠲᠦᠪᠰᠢᠨ ᠤᠤᠭᠤᠬᠤ ᠤᠰᠤ ᠵᠢᠴᠢ ᠳᠠᠬᠢᠨ | ᠶᠠᠳᠠᠭᠤᠷᠠᠬᠤ ᠪᠠ ᠶᠠᠳᠠᠭᠤᠷᠠᠬᠤ ᠲᠦᠭᠰᠢᠭᠦᠷᠢ ᠣᠷᠣᠰᠢᠵᠤ ᠪᠠᠶᠢᠬᠤ ᠡᠰᠡᠬᠦ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ | ᠠᠵᠢᠯ ᠤᠨ ᠳᠤᠮᠳᠠ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠡᠷᠦᠬᠡ᠂ ᠵᠡᠮᠳᠡᠭ ᠡᠷᠦᠬᠡ᠂ ᠬᠦᠨᠳᠦ | ᠡᠪᠡᠳᠴᠢᠨ ᠤ ᠡᠷᠦᠬᠡ ᠵᠡᠷᠭᠡ ᠭᠤᠤᠯᠳᠠᠯᠭ᠎ᠠ ᠲᠠᠢ ᠬᠥᠮᠦᠰ ᠢ ᠢᠮᠠᠭᠲᠠ ᠴᠢᠩᠭ᠎ᠠ ᠠᠩᠬᠠᠷᠴᠤ᠂ ᠠᠵᠢᠯ ᠤᠨ | ᠭᠤᠤᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠡᠷᠦᠬᠡ ᠳᠠᠷᠠᠭᠠᠯᠠᠨ ᠪᠠᠶᠢᠴᠠᠭᠠᠵᠤ᠂ ᠨᠢᠭᠡ ᠡᠷᠦᠬᠡ ᠶᠢ ᠴᠦ | ᠣᠷᠬᠢᠭᠳᠠᠭᠤᠯᠬᠤ ᠥᠬᠡᠶ ᠪᠠᠶᠢᠬᠤ ᠶᠢ ᠦᠨᠡᠨᠬᠦ ᠪᠠᠲᠤᠯᠠᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ | ᠠᠵᠢᠯ ᠢ ᠬᠦᠴᠦᠯᠡᠨ ᠰᠠᠶᠢᠲᠤᠷ ᠬᠢᠨ᠎ᠡ᠃ | ᠭᠤᠷᠪᠠ ᠳᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠨᠢ ᠨᠠᠷᠢᠯᠢᠭ ᠣᠨᠣᠴᠠᠲᠠᠶ᠃ ᠵᠢᠭᠰᠠᠭᠠᠨ | ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠪᠥᠬᠦ ᠲᠠᠯ᠎ᠠ ᠪᠠᠷ ᠲᠣᠭᠠᠯᠠᠨ ᠪᠦᠷᠢᠳᠬᠡᠵᠦ᠂ ᠨᠢᠭᠡᠳ ᠨᠢᠭᠡ ᠪᠠᠷ | ᠳ᠋ᠤᠭᠠᠷ ᠢ ᠨᠢ ᠬᠠᠰᠤᠵᠤ᠂ ᠪᠠᠶᠢᠴᠠᠭᠠᠬᠤ ᠶᠢᠨ ᠳᠠᠭᠠᠤ ᠰᠠᠶᠢᠵᠢᠷᠠᠭᠤᠯᠵᠤ᠂ ᠪᠠᠷᠢᠨ ᠬᠡᠷᠡᠭᠵᠢᠭᠦᠯᠵᠦ ᠪᠠᠷᠢᠨ | ᠰᠠᠶᠢᠵᠢᠷᠠᠭᠤᠯᠵᠤ᠂ ᠪᠣᠳᠠᠲᠤ ᠪᠠᠶᠢᠳᠠᠯ ᠢ ᠤᠶᠢᠯᠠᠭᠠᠨ ᠵᠢᠭᠰᠠᠭᠠᠬᠤ᠂ ᠠᠰᠠᠭᠤᠳᠠᠯ ᠢ ᠢᠯᠡᠷᠡᠭᠦᠯᠬᠦ ᠪᠠᠷ ᠭᠠᠷᠳᠠᠴᠠ | ᠪᠣᠯᠭᠠᠬᠤ ᠶᠢ ᠪᠠᠷᠢᠮᠲᠠᠯᠠᠵᠤ᠂ ᠠᠰᠠᠭᠤᠳᠠᠯ ᠢ ᠰᠢᠢᠳᠪᠦᠷᠢᠯᠡᠬᠦ᠂ ᠳᠠᠬᠢᠨ ᠶᠠᠳᠠᠭᠤᠷᠠᠬᠤ ᠪᠠ ᠶᠠᠳᠠᠭᠤᠷᠠᠬᠤ ᠶᠢ | ᠰᠡᠷᠭᠡᠶᠢᠯᠡᠬᠦ ᠪᠠᠷ ᠲᠤᠰᠤᠯᠲᠠ ᠪᠣᠯᠭᠠᠵᠤ᠂ ᠵᠢᠭᠰᠠᠭᠠᠨ ᠪᠠᠶᠢᠴᠠᠭᠠᠬᠤ ᠠᠭᠤᠯᠭ᠎ᠠ ᠶᠢ ᠴᠢᠩᠭ᠎ᠠ ᠬᠠᠷᠢᠴᠠᠭᠤᠯᠤᠨ᠂ | ᠴᠡᠭᠴᠡᠯᠡᠨ ᠰᠠᠶᠢᠵᠢᠷᠠᠭᠤᠯᠬᠤ ᠴᠢᠭᠯᠡᠯ ᠢ ᠲᠣᠳᠣᠷᠬᠠᠶᠢᠯᠠᠵᠤ᠂ ᠪᠦᠲᠦᠮᠵᠢᠲᠡᠶ ᠠᠷᠭ᠎ᠠ ᠬᠡᠮᠵᠢᠶ᠎ᠡ ᠲᠣᠭᠲᠠᠭᠠᠵᠤ᠂ | ᠴᠡᠭᠴᠡᠯᠡᠨ ᠰᠠᠶᠢᠵᠢᠷᠠᠭᠤᠯᠬᠤ ᠬᠠᠷᠠᠯᠲᠠ ᠶᠢ ᠪᠡᠶᠡᠯᠡᠭᠦᠯᠦᠨ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ | ᠪᠦᠲᠦᠭᠡᠯ ᠢ ᠪᠥᠬᠦ ᠲᠠᠯ᠎ᠠ ᠪᠠᠷ ᠪᠠᠬᠢᠵᠢᠭᠦᠯᠵᠦ᠂ ᠠᠷᠠᠳ ᠤᠨ ᠪᠠᠶᠢᠳᠠᠯ ᠢ ᠰᠤᠷᠪᠤᠯᠵᠢᠯᠠᠬᠤ᠂ ᠠᠷᠠᠳ ᠤᠨ ᠰᠠᠨᠠᠯ ᠢ | ᠰᠣᠨᠣᠰᠬᠤ᠂ ᠠᠷᠠᠳ ᠤᠨ ᠵᠣᠪᠠᠨᠢᠯ ᠢ ᠰᠢᠢᠳᠪᠤᠷᠢᠯᠡᠬᠦ ᠶᠢ ᠦᠨᠡᠨ ᠬᠦ ᠪᠡᠶᠡᠯᠡᠭᠦᠯᠦᠨ᠎ᠡ᠃ | ᠳᠥᠷᠪᠡ ᠳᠤ ᠬᠢᠨᠠᠨ ᠵᠢᠯᠣᠭᠤᠳᠴᠤ ᠬᠠᠷᠭᠤᠭᠤᠯᠤᠨ ᠪᠠᠶᠢᠴᠠᠭᠠᠬᠤ ᠨᠠᠷᠢᠯᠢᠭ ᠣᠨᠣᠴᠠᠲᠠᠶ᠃ ᠪᠦᠬᠦ ᠰᠢᠶᠠᠩ ᠤᠨ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠴᠢᠨᠠᠭᠰᠢᠳᠠ | ᠴᠢᠩᠭ᠎ᠠ ᠪᠣᠳᠠᠲᠠᠢ ᠠᠳᠬᠤᠬᠤ ᠶᠢᠨ ᠲᠥᠯᠥᠭᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ | ᠲᠣᠭᠲᠠᠮᠠᠯ ᠬᠤᠭᠤᠴᠠᠭ᠎ᠠ ᠲᠠᠢ ᠪᠠᠷ ᠡᠷᠦᠬᠡ ᠳᠤ ᠣᠷᠣᠵᠤ ᠰᠤᠷᠪᠤᠯᠵᠢᠯᠠᠬᠤ᠂ ᠮᠠᠲ᠋ᠧᠷᠢᠶᠠᠯ ᠪᠠᠶᠢᠴᠠᠭᠠᠨ ᠦᠵᠡᠬᠦ᠂ | ᠤᠲᠠᠰᠤ ᠪᠠᠷ ᠰᠤᠭᠤᠴᠢᠨ ᠪᠠᠶᠢᠴᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠠᠵᠤ ᠦᠢᠯᠡᠰ ᠤᠨ ᠠᠵᠢᠯ | ᠣᠯᠭᠤᠯᠲᠠ᠂ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ | ᠬᠡᠮᠵᠢᠬᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠡᠷᠭᠡ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ | ᠠᠩᠬᠠᠷᠤᠯ ᠢᠶᠠᠨ ᠲᠥᠪᠯᠡᠷᠡᠭᠦᠯᠦᠨ ᠪᠦᠬᠦ ᠲᠠᠯ᠎ᠠ ᠪᠠᠷ ᠱᠠᠯᠠᠪᠳᠠᠭᠤᠯᠤᠨ ᠪᠠᠶᠢᠴᠠᠭᠠᠵᠤ᠂ ᠡᠯ᠎ᠡ ᠲᠣᠰᠬᠤᠨ ᠤ ᠲᠠᠬᠢᠨ | ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠤᠨ ᠦᠷ᠎ᠡ | ᠪᠦᠲᠦᠮᠵᠢ ᠶᠢ ᠪᠦᠬᠦ ᠲᠠᠯ᠎ᠠ ᠪᠠᠷ ᠪᠣᠳᠠᠲᠠᠢ ᠳᠤ ᠨᠠᠶᠢᠳᠠᠪᠤᠷᠢᠵᠢᠭᠤᠯᠤᠨ᠎ᠠ᠃ |