ᠨᠢᠩᠴᠧᠩ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠵᠣᠨ ᠤ ᠠᠮᠠᠷᠠᠯᠲᠠ ᠶᠢᠨ ᠬᠤᠭᠤᠴᠠᠭᠠᠨ ᠤ ᠬᠠᠯᠠᠭᠤᠨ ᠰᠡᠳᠬᠢᠯᠲᠦ ᠡᠵᠢ ᠬᠡᠤᠬᠡᠳ ᠢᠶᠠᠨ ᠬᠠᠯᠠᠮᠵᠢᠯᠠᠨ ᠬᠠᠶᠢᠷᠠᠯᠠᠬᠤ ᠬᠤᠶᠠᠳᠤᠭᠠᠷ ᠬᠤᠭᠤᠴᠠᠭᠠᠨ ᠤ ᠰᠤᠳᠤᠯᠤᠨ ᠰᠤᠷᠤᠯᠴᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/14
   ᠵᠣᠨ ᠤ ᠠᠮᠠᠷᠠᠯᠲᠠ ᠶᠢᠨ ᠬᠤᠭᠤᠴᠠᠭᠠᠨ ᠳᠤ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠤᠶᠢᠷ᠎ᠠ ᠶᠢᠨ ᠡᠳᠦᠷ᠂ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠵᠣᠨ ᠤ ᠠᠮᠠᠷᠠᠯᠲᠠ ᠶᠢᠨ ᠬᠤᠭᠤᠴᠠᠭᠠᠨ ᠤ ᠬᠠᠯᠠᠭᠤᠨ ᠰᠡᠳᠬᠢᠯᠲᠦ ᠡᠵᠢ ᠬᠡᠤᠬᠡᠳ ᠢᠶᠠᠨ ᠬᠠᠯᠠᠮᠵᠢᠯᠠᠨ ᠬᠠᠶᠢᠷᠠᠯᠠᠬᠤ ᠬᠤᠶᠠᠳᠤᠭᠠᠷ ᠬᠤᠭᠤᠴᠠᠭᠠᠨ ᠤ ᠰᠤᠳᠤᠯᠤᠨ ᠰᠤᠷᠤᠯᠴᠠᠬᠤ ᠠᠵᠢᠯᠯᠠᠭ᠎ᠠ ᠶᠢ ᠡᠷᠬᠢᠯᠡᠪᠡ᠂ ᠲᠣᠰ ᠤᠳᠠᠭᠠᠨ ᠤ ᠰᠤᠳᠤᠯᠤᠨ ᠰᠤᠷᠤᠯᠴᠠᠬᠤ ᠠᠵᠢᠯᠯᠠᠭ᠎ᠠ ᠨᠢ ᠦᠨᠳᠦᠰᠦᠲᠡᠨ ᠤ ᠣᠯᠠᠨ ᠡᠰᠢᠲᠦ ᠰᠣᠶᠣᠯ ᠢ ᠣᠶᠢᠯᠠᠭᠠᠬᠤ ᠳᠤᠮᠳᠠ ᠬᠡᠦᠬᠡᠳ ᠤᠨ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠬᠥᠮᠦᠵᠢᠭᠦᠯᠵᠦ᠂ ᠲᠡᠦᠬᠡ ᠰᠣᠶᠣᠯ ᠤᠨ ᠰᠤᠷᠤᠯᠴᠠᠯᠭ᠎ᠠ ᠶᠢᠨ ᠳᠤᠮᠳᠠ ᠦᠨᠳᠦᠰᠦᠲᠡᠨ ᠤ ᠢᠲᠡᠭᠡᠯ ᠵᠣᠷᠢᠭ ᠢ ᠦᠨᠳᠦᠰᠦᠯᠡᠨ᠂ ᠭᠠᠷ ᠬᠥᠳᠡᠯᠦᠨ ᠦᠢᠯᠡᠳᠦᠯᠭᠡᠵᠢᠭᠦᠯᠬᠦ ᠳᠤᠮᠳᠠ ᠬᠥᠳᠡᠯᠮᠦᠷᠢ ᠶᠢᠨ ᠪᠠᠶᠠᠷ ᠪᠠᠶᠠᠰᠤᠯ ᠢ ᠣᠶᠢᠯᠠᠭᠠᠪᠠ᠃ ︽ᠬᠠᠯᠠᠭᠤᠨ ᠰᠡᠳᠬᠢᠯᠲᠦ ᠡᠵᠢ︾ ᠪᠣᠯᠤᠨ ᠬᠡᠤᠬᠡᠳ ᠨᠡᠶᠢᠲᠡ 40 ᠭᠠᠷᠤᠶ ᠬᠥᠮᠦᠨ ᠠᠵᠢᠯᠯᠠᠭ᠎ᠠ ᠳᠤ ᠣᠷᠣᠯᠴᠠᠵᠠᠶ᠃ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠠᠵᠢᠯ ᠤᠨ ᠵᠠᠭᠪᠤᠷ ᠤᠨ ᠰᠢᠨ᠎ᠡ ᠶᠢ ᠲᠠᠰᠤᠷᠠᠯᠲᠠ ᠥᠬᠡᠶ ᠡᠭᠦᠳᠴᠦ᠂ ᠬᠡᠤᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠡᠯ᠎ᠡ  ᠵᠤᠶᠢᠯ ᠤᠨ ᠠᠵᠢᠯ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠪᠠᠭᠠᠴᠤᠳ ᠬᠡᠤᠬᠡᠳ ᠤᠨ ᠦᠰᠦᠨ ᠪᠤᠶᠢᠵᠢᠯᠲᠠ ᠶᠢᠨ ᠵᠠᠮᠴᠢᠯᠠᠭᠴᠢ᠂ ᠬᠡᠤᠬᠡᠳ ᠤᠨ ᠡᠷᠬᠡ ᠠᠰᠢᠭ ᠢ ᠰᠠᠬᠢᠨ ᠬᠠᠮᠠᠭᠠᠯᠠᠭᠴᠢ᠂ ᠬᠡᠤᠬᠡᠳ ᠤᠨ ᠢᠷᠡᠭᠡᠳᠦᠶ ᠶᠢᠨ ᠬᠦᠰᠡᠯ ᠵᠡᠭᠦᠳᠦ ᠪᠠᠨ ᠲᠡᠷᠭᠡᠯᠰᠢᠭᠦᠯᠦᠭᠴᠢ ᠶᠢᠨ ᠠᠵᠢᠯ ᠢ ᠰᠠᠶᠢᠲᠤᠷ ᠬᠢᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号