| ᠡᠨᠡ ᠵᠢᠯ ᠠᠴᠠ ᠨᠠᠰᠢ᠂ ᠨᠢᠩᠴᠧᠩ ᠤᠨ ᠲᠠᠷᠢᠶᠠᠯᠠᠩ ᠬᠤᠳᠠᠯᠳᠤᠭᠠᠨ ᠤ ᠪᠠᠩᠬᠢ ᠡᠭᠦᠷᠭᠡ ᠬᠠᠷᠠᠯᠲᠠ ᠪᠠᠨ | ᠴᠢᠩᠭ᠎ᠠ ᠠᠩᠬᠠᠷᠴᠤ᠂ ᠳᠣᠲᠣᠭᠠᠳᠤ ᠭᠠᠳᠠᠭᠠᠳᠤ ᠬᠤᠯᠪᠣᠭᠠᠯᠠᠨ ᠬᠦᠳᠡᠯᠤᠯᠴᠡᠬᠦ ᠶᠢ ᠴᠢᠩᠭᠠᠳᠬᠠᠨ᠂ | ᠰᠠᠨᠠᠭᠠᠴᠢᠯᠠᠭ᠎ᠠ ᠠᠴᠠ ᠪᠠᠨ ᠵᠣᠯᠭᠠᠭᠤᠯᠬᠤ᠂ ᠨᠠᠷᠢᠯᠢᠭ ᠣᠨᠣᠪᠴᠢᠲᠠᠢ ᠡᠵᠡᠩᠨᠡᠨ ᠪᠣᠷᠣᠯᠠᠭᠤᠯᠬᠤ᠂ ᠦᠢᠯᠡᠴᠢᠯᠡᠭᠡ ᠶᠢ | ᠰᠢᠯᠢᠳᠡᠭᠵᠢᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠰᠦᠯᠵᠢᠶᠡᠨ ᠤ ᠮᠥᠩᠭᠦᠨ ᠭᠦᠢᠯᠭᠡᠭᠡᠨ ᠤ | ᠲᠤᠬᠠᠶᠢᠯᠠᠬᠰᠠᠨ ᠠᠵᠢᠯ ᠤᠨ ᠢᠳᠡᠪᠬᠢᠲᠡᠢ ᠦᠷ᠎ᠡ ᠪᠦᠲᠦᠮᠵᠢ ᠣᠯᠬᠤ ᠶᠢ ᠯᠠᠪᠳᠠᠭᠤᠨ ᠪᠠᠲᠤᠲᠠᠢ ᠠᠬᠢᠭᠤᠯᠪᠠ᠃ | ᠨᠢᠭᠡ ᠳᠤ᠂ ᠣᠶᠤᠨᠴᠢ ᠦᠵᠡᠭᠳᠡᠯ ᠳᠤ ᠠᠩᠬᠠᠷᠤᠯ ᠢᠶᠠᠨ ᠲᠥᠪᠯᠡᠷᠡᠭᠦᠯᠪᠡ᠃ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠡ ᠶᠢᠨ ᠬᠤᠭᠤᠯᠠᠨ ᠬᠡᠷ᠂ ᠬᠤᠳᠠᠯᠳᠤᠭ᠎ᠠ ᠬᠡᠲᠦ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ | ᠳᠡᠯᠭᠡᠭᠦᠷ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠤᠶᠤᠨᠲᠤ ᠮᠥᠩᠭᠦᠨ ᠭᠦᠢᠯᠭᠡᠭᠡᠨ ᠤ ᠲᠣᠭᠠᠴᠠᠭ᠎ᠠ ᠬᠢᠬᠦ | ᠪᠠᠶᠢᠳᠠᠯ ᠢ ᠢᠳᠡᠪᠬᠢᠲᠡᠶ ᠪᠣᠶ ᠪᠣᠯᠭᠠᠵᠤ᠂ ᠰᠦᠯᠵᠢᠶᠡᠨ ᠳᠡᠭᠡᠷᠡᠬᠢ ᠠᠵᠢᠯᠯᠠᠭ᠎ᠠ ᠶᠢ ᠪᠠᠶᠠᠯᠢᠭᠵᠢᠭᠤᠯᠤᠨ᠂ ᠠᠷᠭ᠎ᠠ | ᠵᠠᠮ ᠤᠨ ᠦᠢᠯᠡᠴᠢᠯᠡᠭᠡᠨ ᠤ ᠵᠠᠭᠠᠭ ᠬᠢᠵᠠᠭᠠᠷ ᠢ ᠥᠷᠭᠡᠳᠬᠡᠵᠦ᠂ ᠮᠥᠩᠭᠦᠨ ᠭᠦᠢᠯᠭᠡᠭᠡᠨ ᠤ ᠬᠡᠷᠡᠭᠯᠡᠭᠡᠨ ᠤ ᠲᠣᠭᠠᠴᠠᠭ᠎ᠠ | ᠬᠢᠬᠦ ᠳᠤ ᠲᠥᠬᠦᠮ ᠴᠢᠨᠠᠷ ᠢ ᠳᠡᠭᠡᠭᠰᠢᠯᠡᠭᠦᠯᠪᠡ᠃ | ᠬᠤᠶᠠᠷ ᠲᠤ᠂ ᠵᠠᠰᠠᠭ ᠪᠠ ᠪᠠᠩᠬᠢ ᠶᠢᠨ ᠬᠤᠯᠪᠣᠭᠠᠯᠠᠨ ᠬᠥᠳᠡᠯᠦᠯᠴᠡᠵᠦ ᠬᠠᠮᠵᠢᠯᠴᠠᠬᠤ ᠶᠢ ᠴᠢᠩᠭᠠᠳᠬᠠᠪᠠ᠃ | ᠰᠢᠶᠠᠨ ᠤ ᠡᠳ᠋ ᠤᠨ ᠵᠠᠰᠠᠭ᠂ ᠨᠡᠶᠢᠭᠡᠮ ᠤᠨ ᠪᠠᠲᠤᠯᠠᠭ᠎ᠠ᠂ ᠰᠤᠷᠭᠠᠭᠤᠯᠢ ᠵᠡᠷᠭᠡ ᠰᠠᠯᠠᠭ᠎ᠠ ᠮᠥᠴᠢᠷ ᠲᠠᠢ | ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠠᠴᠢᠶᠠᠯᠠᠪᠤᠷᠢ ᠪᠣᠯᠭᠠᠨ | ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠤᠨ ᠨᠥᠬᠦᠪᠥᠷᠢ ᠶᠢᠨ ᠪᠠᠯᠠ ᠮᠥᠩᠭᠦ ᠶᠢ ᠣᠷᠣᠯᠠᠨ ᠲᠠᠷᠬᠠᠭᠠᠬᠤ | ᠠᠵᠢᠯ ᠢ ᠠᠬᠢᠭᠤᠯᠵᠤ᠂ ᠪᠠᠩᠬᠢ ᠡᠮᠴᠢᠯᠡᠭᠡᠨ ᠤ ᠰᠢᠭᠤᠳ ᠬᠤᠯᠪᠣᠬᠤ ᠰᠢᠰᠲ᠋ᠧᠮ ᠢ ᠬᠠᠮᠲᠤᠷᠠᠨ ᠰᠤᠳᠤᠯᠤᠨ ᠨᠡᠭᠡᠭᠡᠵᠦ | ᠂ ᠰᠤᠷᠤᠯᠭ᠎ᠠ ᠶᠢᠨ ᠵᠠᠷᠤᠳᠠᠯ ᠢ ᠣᠷᠣᠯᠠᠨ ᠬᠤᠷᠢᠶᠠᠬᠤ ᠲᠤᠬᠠᠶᠢᠯᠠᠭᠰᠠᠨ ᠠᠵᠢᠯ ᠢ ᠥᠷᠭᠡᠳᠬᠡᠨ᠂ ᠨᠡᠶᠢᠭᠡᠮ ᠤᠨ | ᠪᠠᠲᠤᠯᠠᠭ᠎ᠠ ᠶᠢᠨ ᠺᠠᠷᠲ ᠤᠨ ᠬᠡᠷᠡᠭᠯᠡᠯᠲᠡ ᠶᠢᠨ ᠨᠣᠷᠮ᠎ᠠ ᠶᠢ ᠦᠨᠡᠨᠬᠦ ᠳᠡᠭᠡᠭᠰᠢᠯᠡᠭᠦᠯᠦᠨ᠎ᠡ᠃ | ᠭᠤᠷᠪᠠ ᠳᠤ᠂ ᠬᠤᠯᠪᠣᠭᠠᠯᠠᠨ ᠬᠥᠳᠡᠯᠦᠯᠴᠡᠵᠦ ᠡᠵᠡᠩᠨᠡᠨ ᠪᠣᠷᠣᠯᠠᠭᠤᠯᠬᠤ ᠶᠠᠰᠤ ᠴᠢᠨᠠᠷ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ ᠰᠢᠯᠭᠠᠨ ᠬᠢᠨᠠᠬᠤ ᠤᠳᠤᠷᠢᠳᠤᠮᠵᠢ ᠶᠢ ᠲᠤᠪᠤᠶᠢᠯᠭᠠᠨ᠂ ᠤᠷᠮᠠᠰᠢᠭᠤᠯᠬᠤ ᠲᠣᠭᠲᠠᠴᠠ ᠶᠢ | ᠲᠣᠳᠣᠷᠬᠠᠶᠢᠯᠠᠵᠤ᠂ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠨ᠎ᠡ᠃ ᠬᠠᠳᠠᠭᠠᠯᠠᠮᠵᠢ ᠵᠢᠭᠡᠯᠡᠯᠭᠡ ᠵᠢᠴᠢ | ᠰᠦᠯᠵᠢᠶᠡᠨ ᠤ ᠮᠥᠩᠭᠦᠨ ᠭᠦᠢᠯᠭᠡᠭᠡᠨ ᠤ ᠦᠢᠯᠡᠳᠬᠦᠨ ᠢ ᠨᠢᠭᠡ ᠴᠣᠭᠴᠠᠵᠢᠭᠤᠯᠤᠨ ᠡᠵᠡᠩᠨᠡᠨ ᠪᠣᠷᠣᠯᠠᠭᠤᠯᠬᠤ ᠪᠠ | ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠡᠯ᠎ᠡ ᠵᠦᠢᠯ ᠤᠨ ᠲᠤᠬᠠᠶᠢᠯᠠᠭᠰᠠᠨ ᠠᠵᠢᠯ ᠤᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ ᠲᠠᠯ᠎ᠠ ᠪᠠᠷ ᠳᠠᠶᠢᠴᠢᠯᠠᠨ᠎ᠠ᠃ ᠠᠮᠢᠳᠤᠯᠢᠭ ᠺᠠᠷᠲ᠂ ᠭᠠᠷ | ᠤᠲᠠᠰᠤᠨ ᠤ ᠪᠠᠩᠬᠢ ᠶᠢᠨ ᠬᠡᠷᠡᠭᠯᠡᠯᠲᠡ ᠶᠢᠨ ᠨᠣᠷᠮ᠎ᠠ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ |