ᠨᠢᠩᠴᠧᠩ ᠰᠢᠶᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/8/15
    ᠨᠢᠭᠡ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠦᠵᠡᠯ ᠰᠠᠨᠠᠭᠠᠨ ᠤ ᠮᠡᠳᠡᠷᠡᠮᠵᠢ ᠶᠢᠨ ᠲᠥᠪᠯᠡᠩᠭᠦᠶ ᠬᠦᠴᠦᠨ ᠢ ᠳᠡᠭᠡᠭᠰᠢᠯᠡᠭᠦᠯᠦᠨ᠎ᠡ᠃ ᠪᠦᠬᠦ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠡᠰᠢᠭᠦᠳ ᠤᠨ ᠪᠥᠬᠦᠳᠡ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠡᠯ᠎ᠡ ᠬᠦᠷᠢᠶ᠎ᠡ᠂ ᠡᠯ᠎ᠡ ᠹᠷᠣᠨᠲ ᠲᠤ ᠲᠤᠭᠤᠰᠢᠯᠠᠭᠤᠯᠤᠨ᠎ᠠ᠃ ᠰᠦᠯᠵᠢᠶᠡᠨ ᠳᠡᠭᠡᠷ᠎ᠡ ᠰᠡᠳᠦᠪ ᠬᠠᠷᠢᠭᠤᠯᠬᠤ᠂ ᠰᠤᠷᠤᠯᠴᠠᠬᠤ ᠲᠤᠰᠬᠠᠶ ᠪᠤᠯᠤᠩ ᠭᠠᠷᠭᠠᠬᠤ᠂ ᠰᠣᠨᠢᠨ ᠮᠡᠳᠡᠭᠡᠯᠡᠯ ᠢ ᠮᠡᠳᠡᠭᠡᠯᠡᠬᠦ ᠵᠡᠷᠭᠡ  ᠣᠯᠠᠨ ᠵᠤᠶᠢᠯ ᠤᠨ ᠠᠷᠭ᠎ᠠ ᠮᠠᠶ᠋ᠢᠭ ᠢᠶᠠᠷ ᠦᠨᠳᠦᠰᠦᠲᠡᠨ ᠤ ᠪᠦᠯᠬᠦᠮᠳᠡᠯ ᠬᠥᠭᠵᠢᠯᠲᠡ ᠶᠢᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠪᠠ᠃ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠤᠳᠤᠯᠤᠨ ᠰᠤᠷᠤᠯᠴᠠᠬᠤ ᠦᠢᠯᠡᠳᠦᠯᠭᠡ ᠶᠢᠨ ᠰᠣᠯᠢᠯᠴᠠᠭ᠎ᠠ ᠶᠢ ᠥᠷᠨᠢᠭᠦᠯᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ᠂ ᠮᠡᠳᠡᠯᠭᠡ ᠶᠢᠨ ᠤᠷᠤᠯᠳᠤᠭᠠᠨ ᠵᠡᠷᠭᠡ ᠠᠵᠢᠯᠯᠠᠭ᠎ᠠ ᠪᠠᠷ ᠳᠠᠮᠵᠢᠭᠤᠯᠤᠨ᠂ ︽ᠪᠠᠲᠤᠳᠬᠠᠬᠤ︾ ᠶᠢ ᠬᠥᠨᠳᠡᠯᠡᠨ ᠭᠤᠯᠳᠤ ᠪᠠᠷ ᠡᠴᠦᠰ ᠲᠤᠨᠢ ᠲᠤᠯᠲᠠᠯ᠎ᠠ ᠤᠬᠠᠭᠤᠯᠬᠤ ᠶᠢ ᠪᠡᠶᠡᠯᠡᠭᠦᠯᠪᠡ᠃   ᠬᠤᠶᠠᠷ ᠲᠤ᠂ ᠨᠡᠶᠢᠭᠡᠮ ᠵᠢᠷᠤᠮ ᠤᠨ ᠣᠳᠣᠬᠢᠴᠢᠯᠠᠯᠲᠠ ᠲᠡᠶᠢᠰᠢ ᠬᠠᠮᠲᠤ ᠪᠠᠷ ᠤᠷᠤᠭᠰᠢᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠲᠡᠨ ᠤ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠦᠷᠭᠦᠯᠵᠢᠯᠡᠬᠦ ᠬᠦᠴᠦᠨ ᠢ ᠳᠡᠭᠡᠭᠰᠢᠯᠡᠭᠦᠯᠦᠨ᠎ᠡ᠃ ᠣᠳᠣᠬᠢᠴᠢᠯᠠᠭᠰᠠᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠪᠠᠷ ᠳᠠᠮᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠪᠣᠳᠠᠲᠤ ᠶᠠᠪᠤᠳᠠᠯ ᠳᠤ ᠠᠭᠤᠰᠬᠠᠨ ᠣᠷᠣᠭᠤᠯᠵᠤ᠂ ︽ᠦᠨᠳᠦᠰᠦᠲᠡᠨ ᠨᠦᠭᠦᠳ ᠳᠣᠲᠣᠨᠣ᠂ ᠠᠵᠤ ᠦᠢᠯᠡᠰ ᠬᠦᠩᠵᠢᠩᠭᠦᠢ᠂ ᠮᠠᠯᠴᠢᠨ ᠲᠠᠷᠢᠶᠠᠴᠢᠳ ᠴᠢᠨᠡᠭᠡᠯᠢᠭ︾ ᠪᠠᠶᠢᠬᠤ ᠦᠨᠳᠦᠰᠦᠲᠡᠨ ᠤ ᠪᠦᠯᠬᠦᠮᠳᠡᠯ ᠤᠨ ᠠᠵᠤ ᠦᠢᠯᠡᠰ ᠤᠨ ᠴᠢᠨᠡᠭᠡᠯᠢᠭᠵᠢᠯ ᠤᠨ ᠵᠠᠮ ᠢ ᠨᠡᠭᠡᠭᠡᠪᠡ᠃ ᠣᠶᠢᠷ᠎ᠠ ᠶᠢᠨ ᠵᠢᠯ ᠤᠳ ᠲᠤ᠂ ᠪᠦᠬᠦ ᠰᠢᠶᠠᠨ ᠢᠶᠠᠷ ᠢᠶᠠᠨ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ ᠶᠢᠨ ᠪᠡᠯᠡ ᠮᠥᠩᠭᠦ ᠶᠢ ᠨᠡᠶᠢᠲᠡ 5536 ᠲᠦᠮᠡᠨ ᠲᠥᠭᠦᠷᠢᠭ ᠣᠷᠣᠭᠤᠯᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠴᠢᠨᠡᠭᠡᠯᠢᠭᠵᠢᠬᠦ ᠪᠣᠳᠠᠰ ᠤᠨ ᠰᠠᠭᠤᠷᠢ ᠶᠢ ᠤᠯᠠᠮ ᠨᠢᠭᠡ ᠠᠯᠬᠤᠮ ᠪᠠᠲᠤᠳᠬᠠᠪᠠ᠃ ᠦᠨᠳᠦᠰᠦᠲᠡᠨ ᠤ ᠠᠷᠠᠯᠵᠢᠶ᠎ᠠ ᠠᠷᠠᠳ ᠤᠨ ᠪᠦᠲᠦᠭᠡᠭᠳᠡᠬᠦᠨ ᠤ ᠠᠵᠤ ᠠᠬᠤᠶᠢᠯᠠᠯ ᠤᠨ ᠦᠢᠯᠡᠴᠢᠯᠡᠭᠡᠨ ᠤ ᠬᠠᠮᠢᠶᠠᠷᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠦᠨᠳᠦᠰᠦᠲᠡᠨ ᠤ ᠠᠷᠠᠯᠵᠢᠶ᠎ᠠ ᠠᠷᠠᠳ ᠤᠨ ᠪᠦᠲᠦᠭᠡᠭᠳᠡᠬᠦᠨ ᠤ ᠵᠢᠭᠡᠯᠡᠯᠭᠡ ᠶᠢᠨ ᠳᠠᠮ ᠬᠦᠦ ᠶᠢ ᠭᠥᠷᠳᠡᠭᠰᠡᠨ ᠠᠵᠤ ᠠᠬᠤᠶᠢᠯᠠᠯ 16᠂ ᠳᠠᠮ ᠬᠦᠦ ᠶᠢᠨ ᠪᠡᠯᠡ ᠮᠥᠩᠭᠦ ᠶᠢ 1224.6 ᠲᠦᠮᠡᠨ ᠲᠥᠭᠦᠷᠢᠭ ᠣᠯᠭᠤᠵᠤ᠂ ᠪᠦᠬᠦ ᠰᠢᠶᠠᠨ ᠤ ᠦᠨᠳᠦᠰᠦᠲᠡᠨ ᠤ ᠠᠷᠠᠯᠵᠢᠶ᠎ᠠ ᠠᠷᠠᠳ ᠤᠨ ᠪᠦᠲᠦᠭᠡᠭᠳᠡᠬᠦᠨ ᠤ ᠠᠵᠤ ᠠᠬᠤᠶᠢᠯᠠᠯ ᠤᠨ ᠬᠥᠭᠵᠢᠯᠲᠡ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃   ᠭᠤᠷᠪᠠ ᠳᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠭᠤᠰᠤᠯᠴᠠᠯ ᠨᠢᠭᠲᠠᠷᠠᠯ ᠤᠨ ᠬᠦᠴᠦᠨ ᠢ ᠳᠡᠭᠡᠭᠰᠢᠯᠡᠭᠦᠯᠪᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠥᠷᠨᠢᠭᠦᠯᠵᠦ᠂ ᠡᠷᠡᠭᠦᠯ ᠮᠡᠨᠳᠦ ᠶᠢᠨ ᠴᠡᠴᠡᠷᠯᠢᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠳᠣ ᠬᠤᠩᠭᠢᠯ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠤᠯ ᠰᠡᠳᠦᠪᠲᠦ ᠵᠤᠭᠠᠴᠠᠯ ᠤᠨ ᠬᠦᠷᠢᠶᠡᠯᠡᠩ ᠢ ᠪᠠᠶᠢᠭᠤᠯᠵᠤ᠂ ᠣᠲᠣ ᠪᠣᠯᠲᠠᠯ᠎ᠠ᠂ ᠴᠡᠴᠡᠷᠯᠢᠭ ᠤᠨ ᠠᠭᠤᠳᠠᠮ ᠲᠠᠯᠠᠪᠠᠶ᠂ ᠦᠵᠡᠮᠵᠢ ᠶᠢᠨ ᠣᠷᠣᠨ ᠦᠵᠡᠮᠵᠢ ᠶᠢᠨ ᠴᠡᠭ᠂ ᠵᠠᠮ ᠬᠠᠷᠢᠯᠴᠠᠭᠠᠨ ᠤ ᠲᠠᠯᠠᠪᠤᠷ ᠵᠡᠷᠭᠡ ᠴᠡᠭ ᠲᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ 40 ᠭᠠᠷᠤᠶ ᠦᠵᠡᠮᠵᠢ ᠶᠢᠨ ᠵᠢᠵᠢᠭ ᠦᠢᠯᠡᠳᠬᠦᠨ ᠢ ᠵᠢᠷᠤᠵᠤ ᠲᠥᠯᠥᠪᠯᠡᠨ ᠵᠣᠬᠢᠶᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠭᠤᠤᠯᠳᠠᠯᠭ᠎ᠠ ᠲᠠᠢ ᠵᠢᠱᠢᠶ᠎ᠡ ᠦᠵᠡᠭᠦᠯᠬᠦ 20 ᠨᠢᠭᠡᠴᠡ ᠶᠢ ᠪᠣᠶ ᠪᠣᠯᠭᠠᠭᠰᠠᠨ ᠪᠥᠭᠡᠳ ᠬᠠᠷᠢᠯᠴᠠᠨ ᠰᠤᠷᠤᠯᠴᠠᠬᠤ᠂ ᠬᠤᠯᠪᠣᠭᠠᠯᠠᠨ ᠡᠭᠦᠳᠴᠦ ᠬᠠᠮᠲᠤ ᠪᠠᠷ ᠪᠠᠶᠢᠭᠤᠯᠬᠤ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠳᠠᠮᠵᠢᠭᠤᠯᠤᠨ᠂ ᠵᠢᠱᠢᠶ᠎ᠡ ᠦᠵᠡᠭᠦᠯᠬᠦ ᠨᠢᠭᠡᠴᠡ ᠶᠢᠨ ᠲᠠᠰ ᠳᠡᠪᠰᠢᠬᠦ ᠶᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠦᠢᠯᠡᠳᠦᠯ ᠢ ᠪᠦᠲᠦᠮᠵᠢᠲᠡᠶ ᠪᠠᠳᠠᠷᠠᠭᠤᠯᠤᠨ᠂ ᠤᠯᠤᠰ ᠤᠨ ᠲᠠᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠪᠥᠬᠦ ᠲᠠᠯ᠎ᠠ ᠪᠠᠷ ᠴᠢᠷᠮᠠᠶᠢᠨ ᠡᠭᠦᠳᠴᠦ᠂ ᠨᠢᠩᠴᠧᠩ ᠰᠢᠶᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号