ᠨᠢᠩᠴᠧᠩ ᠰᠢᠶᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠴᠢᠨᠠᠷ ᠰᠠᠶᠢᠲᠠᠢ  ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/8/15
         ᠨᠢᠭᠡ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ  ᠴᠣᠭᠴᠠᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠦᠵᠡᠯ ᠰᠠᠨᠠᠭᠠᠨ ᠤ ᠮᠡᠳᠡᠷᠡᠮᠵᠢ ᠶᠢᠨ ᠲᠥᠪᠯᠡᠩᠭᠦᠶ ᠬᠦᠴᠦᠨ ᠢ  ᠳᠡᠭᠡᠭᠰᠢᠯᠡᠭᠦᠯᠦᠨ᠎ᠡ᠃ ᠪᠦᠬᠦ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠡᠰᠢᠭᠦᠳ ᠤᠨ ᠪᠥᠬᠦᠳᠡ  ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ  ᠤᠬᠠᠮᠰᠠᠷ ᠢ ᠪᠠᠲᠤᠳᠬᠠᠬᠤ ᠶᠢ ᠡᠯ᠎ᠡ ᠬᠦᠷᠢᠶ᠎ᠡ᠂ ᠡᠯ᠎ᠡ ᠹᠷᠣᠨᠲ ᠲᠤ ᠲᠤᠭᠤᠰᠢᠯᠠᠭᠤᠯᠤᠨ᠎ᠠ᠃ ᠰᠦᠯᠵᠢᠶᠡᠨ ᠳᠡᠭᠡᠷ᠎ᠡ  ᠰᠡᠳᠦᠪ ᠬᠠᠷᠢᠭᠤᠯᠬᠤ᠂ ᠰᠤᠷᠤᠯᠴᠠᠬᠤ ᠲᠤᠰᠬᠠᠶ ᠪᠤᠯᠤᠩ ᠭᠠᠷᠭᠠᠬᠤ᠂ ᠰᠣᠨᠢᠨ ᠮᠡᠳᠡᠭᠡᠯᠡᠯ ᠢ ᠮᠡᠳᠡᠭᠡᠯᠡᠬᠦ ᠵᠡᠷᠭᠡ   ᠣᠯᠠᠨ ᠵᠤᠶᠢᠯ ᠤᠨ ᠠᠷᠭ᠎ᠠ ᠮᠠᠶ᠋ᠢᠭ ᠢᠶᠠᠷ ᠦᠨᠳᠦᠰᠦᠲᠡᠨ ᠤ ᠪᠦᠯᠬᠦᠮᠳᠡᠯ ᠬᠥᠭᠵᠢᠯᠲᠡ ᠶᠢᠨ ᠬᠠᠮᠲᠤ ᠶᠢᠨ ᠲᠠᠨᠢᠯᠲᠠ ᠶᠢ  ᠨᠢᠭᠲᠠᠷᠠᠭᠤᠯᠪᠠ᠃ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠤᠳᠤᠯᠤᠨ ᠰᠤᠷᠤᠯᠴᠠᠬᠤ  ᠦᠢᠯᠡᠳᠦᠯᠭᠡ ᠶᠢᠨ ᠰᠣᠯᠢᠯᠴᠠᠭ᠎ᠠ ᠶᠢ ᠥᠷᠨᠢᠭᠦᠯᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ  ᠤᠬᠠᠮᠰᠠᠷ ᠢ ᠪᠠᠲᠤᠳᠬᠠᠬᠤ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ᠂ ᠮᠡᠳᠡᠯᠭᠡ ᠶᠢᠨ ᠤᠷᠤᠯᠳᠤᠭᠠᠨ ᠵᠡᠷᠭᠡ  ᠠᠵᠢᠯᠯᠠᠭ᠎ᠠ ᠪᠠᠷ ᠳᠠᠮᠵᠢᠭᠤᠯᠤᠨ᠂ ︽ᠪᠠᠲᠤᠳᠬᠠᠬᠤ︾ ᠶᠢ ᠬᠥᠨᠳᠡᠯᠡᠨ ᠭᠤᠯᠳᠤ ᠪᠠᠷ ᠡᠴᠦᠰ ᠲᠤᠨᠢ ᠲᠤᠯᠲᠠᠯ᠎ᠠ  ᠤᠬᠠᠭᠤᠯᠬᠤ ᠶᠢ ᠪᠡᠶᠡᠯᠡᠭᠦᠯᠪᠡ᠃    ᠬᠤᠶᠠᠷ ᠲᠤ᠂ ᠨᠡᠶᠢᠭᠡᠮ ᠵᠢᠷᠤᠮ ᠤᠨ ᠣᠳᠣᠬᠢᠴᠢᠯᠠᠯᠲᠠ ᠲᠡᠶᠢᠰᠢ ᠬᠠᠮᠲᠤ ᠪᠠᠷ ᠤᠷᠤᠭᠰᠢᠯᠠᠬᠤ ᠳᠤ ᠠᠩᠬᠠᠷᠤᠯ ᠢᠶᠠᠨ  ᠲᠥᠪᠯᠡᠷᠡᠭᠦᠯᠵᠦ᠂ ᠦᠨᠳᠦᠰᠦᠲᠡᠨ ᠤ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠦᠷᠭᠦᠯᠵᠢᠯᠡᠬᠦ  ᠬᠦᠴᠦᠨ ᠢ ᠳᠡᠭᠡᠭᠰᠢᠯᠡᠭᠦᠯᠦᠨ᠎ᠡ᠃ ᠣᠳᠣᠬᠢᠴᠢᠯᠠᠭᠰᠠᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠪᠠᠷ  ᠳᠠᠮᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ  ᠪᠣᠳᠠᠲᠤ ᠶᠠᠪᠤᠳᠠᠯ ᠳᠤ ᠠᠭᠤᠰᠬᠠᠨ ᠣᠷᠣᠭᠤᠯᠵᠤ᠂ ︽ᠦᠨᠳᠦᠰᠦᠲᠡᠨ ᠨᠦᠭᠦᠳ ᠳᠣᠲᠣᠨᠣ᠂ ᠠᠵᠤ ᠦᠢᠯᠡᠰ  ᠬᠦᠩᠵᠢᠩᠭᠦᠢ᠂ ᠮᠠᠯᠴᠢᠨ ᠲᠠᠷᠢᠶᠠᠴᠢᠳ ᠴᠢᠨᠡᠭᠡᠯᠢᠭ︾ ᠪᠠᠶᠢᠬᠤ ᠦᠨᠳᠦᠰᠦᠲᠡᠨ ᠤ ᠪᠦᠯᠬᠦᠮᠳᠡᠯ ᠤᠨ ᠠᠵᠤ  ᠦᠢᠯᠡᠰ ᠤᠨ ᠴᠢᠨᠡᠭᠡᠯᠢᠭᠵᠢᠯ ᠤᠨ ᠵᠠᠮ ᠢ ᠨᠡᠭᠡᠭᠡᠪᠡ᠃ ᠣᠶᠢᠷ᠎ᠠ ᠶᠢᠨ ᠵᠢᠯ ᠤᠳ ᠲᠤ᠂ ᠪᠦᠬᠦ ᠰᠢᠶᠠᠨ ᠢᠶᠠᠷ ᠢᠶᠠᠨ  ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ ᠶᠢᠨ ᠪᠡᠯᠡ ᠮᠥᠩᠭᠦ ᠶᠢ ᠨᠡᠶᠢᠲᠡ 5536 ᠲᠦᠮᠡᠨ  ᠲᠥᠭᠦᠷᠢᠭ ᠣᠷᠣᠭᠤᠯᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠴᠢᠨᠡᠭᠡᠯᠢᠭᠵᠢᠬᠦ ᠪᠣᠳᠠᠰ ᠤᠨ ᠰᠠᠭᠤᠷᠢ ᠶᠢ  ᠤᠯᠠᠮ ᠨᠢᠭᠡ ᠠᠯᠬᠤᠮ ᠪᠠᠲᠤᠳᠬᠠᠪᠠ᠃ ᠦᠨᠳᠦᠰᠦᠲᠡᠨ ᠤ ᠠᠷᠠᠯᠵᠢᠶ᠎ᠠ ᠠᠷᠠᠳ ᠤᠨ ᠪᠦᠲᠦᠭᠡᠭᠳᠡᠬᠦᠨ ᠤ ᠠᠵᠤ  ᠠᠬᠤᠶᠢᠯᠠᠯ ᠤᠨ ᠦᠢᠯᠡᠴᠢᠯᠡᠭᠡᠨ ᠤ ᠬᠠᠮᠢᠶᠠᠷᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠦᠨᠳᠦᠰᠦᠲᠡᠨ ᠤ  ᠠᠷᠠᠯᠵᠢᠶ᠎ᠠ ᠠᠷᠠᠳ ᠤᠨ ᠪᠦᠲᠦᠭᠡᠭᠳᠡᠬᠦᠨ ᠤ ᠵᠢᠭᠡᠯᠡᠯᠭᠡ ᠶᠢᠨ ᠳᠠᠮ ᠬᠦᠦ ᠶᠢ ᠭᠥᠷᠳᠡᠭᠰᠡᠨ ᠠᠵᠤ ᠠᠬᠤᠶᠢᠯᠠᠯ 16᠂  ᠳᠠᠮ ᠬᠦᠦ ᠶᠢᠨ ᠪᠡᠯᠡ ᠮᠥᠩᠭᠦ ᠶᠢ 1224.6 ᠲᠦᠮᠡᠨ ᠲᠥᠭᠦᠷᠢᠭ ᠣᠯᠭᠤᠵᠤ᠂ ᠪᠦᠬᠦ ᠰᠢᠶᠠᠨ ᠤ  ᠦᠨᠳᠦᠰᠦᠲᠡᠨ ᠤ ᠠᠷᠠᠯᠵᠢᠶ᠎ᠠ ᠠᠷᠠᠳ ᠤᠨ ᠪᠦᠲᠦᠭᠡᠭᠳᠡᠬᠦᠨ ᠤ ᠠᠵᠤ ᠠᠬᠤᠶᠢᠯᠠᠯ ᠤᠨ ᠬᠥᠭᠵᠢᠯᠲᠡ ᠶᠢᠨ ᠰᠢᠨ᠎ᠡ  ᠳᠡᠭᠲᠡᠷ ᠲᠤ ᠭᠠᠷᠬᠤ ᠶᠢ ᠠᠬᠢᠭᠤᠯᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ  ᠬᠥᠭᠵᠢᠯᠲᠡ ᠶᠢ ᠠᠬᠢᠭᠤᠯᠪᠠ᠃    ᠭᠤᠷᠪᠠ ᠳᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠳᠤ ᠠᠩᠬᠠᠷᠤᠯ ᠢᠶᠠᠨ  ᠲᠥᠪᠯᠡᠷᠡᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠭᠤᠰᠤᠯᠴᠠᠯ ᠨᠢᠭᠲᠠᠷᠠᠯ ᠤᠨ ᠬᠦᠴᠦᠨ ᠢ  ᠳᠡᠭᠡᠭᠰᠢᠯᠡᠭᠦᠯᠪᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶ  ᠥᠷᠨᠢᠭᠦᠯᠵᠦ᠂ ᠡᠷᠡᠭᠦᠯ ᠮᠡᠨᠳᠦ ᠶᠢᠨ ᠴᠡᠴᠡᠷᠯᠢᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ  ᠦᠵᠡᠭᠦᠯᠬᠦ ᠣᠷᠳᠣ ᠬᠤᠩᠭᠢᠯ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠲᠤᠳᠬᠠᠬᠤ ᠭᠤᠤᠯ ᠰᠡᠳᠦᠪᠲᠦ ᠵᠤᠭᠠᠴᠠᠯ ᠤᠨ ᠬᠦᠷᠢᠶᠡᠯᠡᠩ ᠢ ᠪᠠᠶᠢᠭᠤᠯᠵᠤ᠂ ᠣᠲᠣ ᠪᠣᠯᠲᠠᠯ᠎ᠠ᠂ ᠴᠡᠴᠡᠷᠯᠢᠭ ᠤᠨ  ᠠᠭᠤᠳᠠᠮ ᠲᠠᠯᠠᠪᠠᠶ᠂ ᠦᠵᠡᠮᠵᠢ ᠶᠢᠨ ᠣᠷᠣᠨ ᠦᠵᠡᠮᠵᠢ ᠶᠢᠨ ᠴᠡᠭ᠂ ᠵᠠᠮ ᠬᠠᠷᠢᠯᠴᠠᠭᠠᠨ ᠤ ᠲᠠᠯᠠᠪᠤᠷ ᠵᠡᠷᠭᠡ ᠴᠡᠭ ᠲᠤ  ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ 40 ᠭᠠᠷᠤᠶ ᠦᠵᠡᠮᠵᠢ ᠶᠢᠨ ᠵᠢᠵᠢᠭ  ᠦᠢᠯᠡᠳᠬᠦᠨ ᠢ ᠵᠢᠷᠤᠵᠤ ᠲᠥᠯᠥᠪᠯᠡᠨ ᠵᠣᠬᠢᠶᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ  ᠪᠠᠶᠢᠭᠤᠯᠬᠤ ᠭᠤᠤᠯᠳᠠᠯᠭ᠎ᠠ ᠲᠠᠢ ᠵᠢᠱᠢᠶ᠎ᠡ ᠦᠵᠡᠭᠦᠯᠬᠦ 20 ᠨᠢᠭᠡᠴᠡ ᠶᠢ ᠪᠣᠶ ᠪᠣᠯᠭᠠᠭᠰᠠᠨ ᠪᠥᠭᠡᠳ ᠬᠠᠷᠢᠯᠴᠠᠨ  ᠰᠤᠷᠤᠯᠴᠠᠬᠤ᠂ ᠬᠤᠯᠪᠣᠭᠠᠯᠠᠨ ᠡᠭᠦᠳᠴᠦ ᠬᠠᠮᠲᠤ ᠪᠠᠷ ᠪᠠᠶᠢᠭᠤᠯᠬᠤ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ  ᠥᠷᠨᠢᠭᠦᠯᠬᠦ ᠪᠠᠷ ᠳᠠᠮᠵᠢᠭᠤᠯᠤᠨ᠂ ᠵᠢᠱᠢᠶ᠎ᠡ ᠦᠵᠡᠭᠦᠯᠬᠦ ᠨᠢᠭᠡᠴᠡ ᠶᠢᠨ ᠲᠠᠰ ᠳᠡᠪᠰᠢᠬᠦ ᠶᠢ ᠠᠬᠢᠭᠤᠯᠵᠤ᠂  ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠦᠢᠯᠡᠳᠦᠯ ᠢ ᠪᠦᠲᠦᠮᠵᠢᠲᠡᠶ ᠪᠠᠳᠠᠷᠠᠭᠤᠯᠤᠨ᠂  ᠤᠯᠤᠰ ᠤᠨ ᠲᠠᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠪᠥᠬᠦ  ᠲᠠᠯ᠎ᠠ ᠪᠠᠷ ᠴᠢᠷᠮᠠᠶᠢᠨ ᠡᠭᠦᠳᠴᠦ᠂ ᠨᠢᠩᠴᠧᠩ ᠰᠢᠶᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ  ᠦᠢᠯᠡᠰ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃   
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号