| ᠨᠢᠭᠡ ᠳᠤ᠂ ᠵᠢᠵᠢᠭᠦᠷᠯᠡᠨ ᠠᠵᠢᠯᠯᠠᠬᠤ ᠶᠢ ᠴᠢᠩᠭᠠᠳᠬᠠᠵᠤ᠂ ︽ᠨᠢᠭᠡ ᠱᠤᠭᠤᠮ︾ ᠢ ᠴᠢᠩᠭ᠎ᠠ ᠰᠡᠷᠭᠡᠶᠢᠯᠡᠨ | ᠰᠠᠬᠢᠨ᠎ᠠ᠃ ᠤᠳᠤᠷᠢᠳᠤᠯᠭ᠎ᠠ ᠡᠭᠡᠯᠵᠢ ᠳᠠᠭᠠᠭᠤᠯᠬᠤ ᠪᠠ 24 ᠴᠠᠭ ᠢᠶᠠᠷ ᠵᠢᠵᠢᠭᠦᠷᠯᠡᠬᠦ ᠲᠦᠷᠢᠮ ᠢ ᠴᠢᠩᠭ᠎ᠠ | ᠬᠡᠷᠡᠭᠵᠢᠭᠦᠯᠵᠦ᠂ ᠲᠤᠰᠬᠠᠶ ᠬᠥᠮᠦᠨ ᠳᠣᠭᠢᠷᠠᠭᠤᠯᠤᠨ ᠪᠠᠯᠭᠠᠰᠤᠨ ᠤ ᠬᠠᠷᠢᠶ᠎ᠠ ᠣᠷᠣᠨ ᠤ ᠪᠣᠷᠣᠭᠠᠨ ᠤ ᠪᠠᠶᠢᠳᠠᠯ᠂ | ᠤᠰᠤᠨ ᠤ ᠪᠠᠶᠢᠳᠠᠯ᠂ ᠠᠵᠢᠯ ᠤᠨ ᠪᠠᠶᠢᠳᠠᠯ᠂ ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠶᠢ ᠬᠠᠷᠢᠭᠤᠴᠠᠨ | ᠴᠤᠭᠯᠠᠭᠤᠯᠵᠤ᠂ ᠭᠠᠮᠰᠢᠭ ᠤᠨ ᠪᠠᠶᠢᠳᠠᠯ ᠤᠨ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠵᠢᠷᠤᠮᠵᠢᠭᠤᠯᠤᠨ | ᠮᠡᠳᠡᠭᠦᠯᠦᠨ ᠬᠦᠷᠭᠡᠵᠦ᠂ ᠴᠠᠭ ᠲᠤᠬᠠᠶ ᠳᠤᠨᠢ ᠳᠠᠭᠠᠵᠤ ᠰᠢᠢᠳᠪᠦᠷᠢᠯᠡᠬᠦ ᠶᠢ ᠦᠨᠡᠨ ᠬᠦ ᠪᠠᠲᠤᠯᠠᠨ᠎ᠠ᠃ ᠪᠠᠴᠢᠮ | ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠦᠴᠦᠨ ᠢ ᠴᠢᠩᠭᠠᠳᠬᠠᠵᠤ᠂ 110 ᠭᠠᠷᠤᠶ ᠬᠥᠮᠦᠨ ᠢ ᠵᠤᠬᠢᠶᠠᠨ | ᠪᠠᠶᠢᠭᠤᠯᠤᠨ ᠪᠠᠯᠭᠠᠰᠤ᠂ ᠲᠣᠰᠬᠤᠨ ᠬᠤᠶᠠᠷ ᠱᠠᠲᠤᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ | ᠠᠩᠭᠢ ᠶᠢ ᠪᠠᠶᠢᠭᠤᠯᠪᠠ᠃ ᠴᠠᠭ ᠠᠭᠤᠷ ᠤᠨ ᠪᠠᠶᠢᠳᠠᠯ ᠪᠣᠯᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ | ᠴᠢᠩᠭ᠎ᠠ ᠠᠩᠬᠠᠷᠴᠤ᠂ ᠸᠢᠴᠠᠲ ᠤᠨ ᠬᠤᠯᠪᠣᠭ᠎ᠠ ᠵᠡᠷᠭᠡ ᠠᠷᠭ᠎ᠠ ᠬᠡᠯᠪᠡᠷᠢ ᠪᠠᠷ ᠴᠠᠭ ᠠᠭᠤᠷ ᠤᠨ ᠭᠠᠮᠰᠢᠭ ᠤᠨ | ᠰᠡᠷᠡᠮᠵᠢ ᠶᠢᠨ ᠳᠣᠬᠢᠶ᠎ᠠ ᠪᠣᠯᠤᠨ ᠣᠨᠴᠠᠭᠠᠢ ᠴᠠᠭ ᠠᠭᠤᠷ ᠢ ᠰᠡᠷᠭᠡᠶᠢᠯᠡᠨ ᠠᠷᠭᠠᠴᠠᠬᠤ ᠮᠡᠳᠡᠯᠭᠡ ᠶᠢ 10 ᠭᠠᠷᠤᠶ | ᠤᠳᠠᠭ᠎ᠠ ᠴᠠᠭ ᠲᠤᠬᠠᠶ ᠳᠤᠨᠢ ᠨᠡᠶᠢᠲᠡᠯᠡᠪᠡ᠃ | ᠬᠤᠶᠠᠷ ᠲᠤ᠂ ᠵᠠᠳᠠᠯᠤᠨ ᠰᠤᠳᠤᠯᠵᠤ ᠮᠠᠭᠠᠳᠯᠠᠬᠤ ᠪᠠᠨ ᠴᠢᠩᠭᠠᠳᠬᠠᠵᠤ᠂ ᠦᠶᠡᠷ ᠢ ᠰᠡᠷᠭᠡᠶᠢᠯᠡᠬᠦ ᠪᠡᠯᠡᠳᠬᠡᠯ | ᠠᠵᠢᠯ ᠢ ᠭᠦᠢᠴᠡᠳ ᠪᠠᠳᠠᠷᠠᠭᠤᠯᠤᠨ᠎ᠠ᠃ ᠪᠠᠯᠭᠠᠰᠤ ᠲᠣᠰᠬᠤᠨ ᠬᠤᠶᠠᠷ ᠱᠠᠲᠤᠨ ᠤ ᠺᠠᠳ᠋ᠷᠴᠤᠳ ᠢ ᠵᠣᠬᠢᠶᠠᠨ | ᠪᠠᠶᠢᠭᠤᠯᠤᠨ ᠭᠠᠵᠠᠷ ᠰᠢᠨᠵᠢᠯᠡᠭᠡᠨ ᠤ ᠭᠠᠮᠰᠢᠭ ᠤᠨ ᠳᠠᠯᠳᠠ ᠭᠡᠮ ᠤᠨ ᠴᠢᠭ᠂ ᠭᠤᠤ ᠰᠤᠪᠠᠭ ᠵᠡᠷᠭᠡ | ᠭᠤᠣᠯᠳᠠᠯᠭ᠎ᠠ ᠲᠠᠢ ᠣᠷᠣᠨ ᠪᠦᠰᠡ ᠳᠤ ᠠᠩᠬᠠᠷᠤᠯ ᠢᠶᠠᠨ ᠲᠥᠪᠯᠡᠷᠡᠭᠦᠯᠦᠨ ᠠᠮᠤᠷ ᠲᠦᠪᠰᠢᠨ ᠤ ᠳᠠᠯᠳᠠ ᠭᠡᠮ ᠢ | ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠦᠶᠡᠷ ᠢ ᠰᠡᠷᠭᠡᠶᠢᠯᠡᠬᠦ ᠳᠠᠯᠳᠠ ᠭᠡᠮ ᠢ ᠵᠢᠭᠰᠠᠭᠠᠨ ᠪᠠᠶᠢᠴᠠᠭᠠᠬᠤ | ᠡᠬᠡ ᠳᠠᠩᠰᠠ ᠶᠢ ᠪᠠᠶᠢᠭᠤᠯᠤᠨ᠂ ᠭᠠᠮᠰᠢᠭ ᠤᠨ ᠪᠠᠶᠢᠳᠠᠯ ᠢ ᠤᠷᠢᠳᠴᠢᠯᠠᠨ ᠰᠡᠷᠡᠮᠵᠢᠯᠡᠭᠦᠯᠬᠦ ︽ᠠᠷᠭᠠᠴᠠᠬᠤ︾ | ᠲᠣᠭᠲᠠᠴᠠ ᠶᠢ ᠲᠡᠭᠦᠯᠳᠡᠷᠵᠢᠬᠦᠯᠤᠨᠡ᠃ ᠠᠶᠤᠯᠲᠠᠶ ᠣᠷᠣᠨ ᠳᠤ ᠬᠤᠯᠪᠣᠭᠳᠠᠭᠰᠠᠨ ᠲᠠᠷᠢᠶᠠᠴᠢᠨ ᠡᠷᠦᠬᠡ ᠶᠢᠨ | ᠦᠶᠡᠷ ᠢ ᠰᠡᠷᠭᠡᠶᠢᠯᠡᠵᠦ ᠲᠣᠭᠤᠷᠢᠨ ᠪᠠᠶᠢᠴᠠᠭᠠᠵᠤ ᠬᠢᠨᠠᠨ ᠬᠡᠮᠵᠢᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ | ᠳᠠᠯᠳᠠ ᠭᠡᠮ ᠤᠨ ᠴᠡᠭ᠂ ᠲᠦᠭᠰᠢᠭᠦᠷᠢᠲᠦ ᠪᠠᠶᠢᠳᠠᠯ ᠢ ᠣᠯᠵᠤ ᠮᠡᠳᠡᠪᠡᠯ ᠲᠡᠷᠡ ᠳᠠᠷᠤᠶ ᠳᠤᠨᠢ ᠰᠢᠢᠳᠪᠤᠷᠢᠯᠡᠬᠦ ᠶᠢᠨ | ᠬᠠᠮᠲᠤ ᠮᠡᠳᠡᠭᠦᠯᠵᠦ᠂ ᠳᠠᠯᠳᠠ ᠭᠡᠮ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠨ᠎ᠠ᠃ | ᠭᠤᠷᠪᠠ ᠳᠤ᠂ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠺᠠᠳ᠋ᠷ ᠣᠯᠠᠨ ᠲᠦᠮᠡᠨ ᠤ | ᠦᠶᠡᠷ ᠢ ᠰᠡᠷᠭᠡᠶᠢᠯᠡᠬᠦ ︽ᠨᠢᠭᠡ ᠰᠡᠳᠬᠢᠯ︾ ᠢ ᠪᠠᠶᠢᠭᠤᠯᠪᠠ᠃ ᠬᠡᠰᠡᠭ ᠳᠠᠭᠠᠭᠠᠴᠢᠯᠠᠭᠰᠠᠨ ᠤᠳᠤᠷᠢᠳᠤᠯᠭ᠎ᠠ᠂ | ᠲᠣᠰᠬᠤᠨ ᠳᠤ ᠰᠠᠭᠤᠭ᠎ᠠ ᠺᠠᠳ᠋ᠷ᠂ ᠲᠣᠰᠬᠤᠨ ᠤ ᠺᠠᠳ᠋ᠷ ᠵᠢᠴᠢ ᠲᠣᠰᠬᠤᠨ ᠤ ︽ᠬᠤᠶᠠᠷ ᠵᠥᠪᠯᠡᠯ︾ ᠤᠨ ᠦᠢᠯᠡᠳᠤᠯ ᠢ | ᠭᠦᠢᠴᠡᠳ ᠪᠠᠳᠠᠷᠠᠭᠤᠯᠵᠤ᠂ ᠨᠠᠮ ᠤᠨ ᠬᠤᠷᠢᠶ᠎ᠠ ᠨᠢᠭᠡᠳᠦᠯᠲᠡᠶ ᠲᠥᠯᠥᠪᠯᠡᠬᠦ᠂ ᠨᠠᠮ ᠤᠨ ᠡᠭᠦᠷ ᠲᠦᠷᠦᠭᠦᠯᠡᠬᠦ᠂ | ᠨᠠᠮ ᠤᠨ ᠭᠡᠰᠢᠭᠦᠨ ᠲᠦᠷᠦᠭᠦᠯᠡᠨ ᠭᠤᠷᠪᠠᠨ ᠱᠠᠲᠤ ᠪᠠᠷ ᠬᠤᠯᠪᠣᠭᠠᠯᠠᠨ ᠬᠥᠳᠡᠯᠦᠯᠴᠡᠬᠦ ᠵᠠᠭᠪᠤᠷ ᠢᠶᠠᠷ ᠳᠠᠮᠵᠢᠭᠤᠯᠤᠨ᠂ | ᠪᠠᠯᠭᠠᠰᠤᠨ ᠤ ᠺᠠᠳ᠋ᠷ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠨᠠᠰᠤᠲᠠᠨ ᠨᠢᠯᠬᠠᠰ ᠡᠪᠡᠳᠴᠢᠨ ᠵᠡᠮᠳᠡᠭ ᠵᠡᠷᠭᠡ | ᠣᠨᠴᠠᠭᠠᠶ ᠬᠦᠴᠢᠷᠳᠡᠯᠲᠡᠶ ᠬᠥᠮᠦᠰ ᠢ ᠭᠤᠤᠯᠳᠠᠯᠭ᠎ᠠ ᠲᠠᠢ ᠠᠩᠬᠠᠷᠴᠤ᠂ ᠦᠶᠡᠷ ᠢ ᠰᠡᠷᠭᠡᠶᠢᠯᠡᠵᠦ ᠭᠠᠮᠰᠢᠭ ᠢ | ᠰᠡᠷᠭᠡᠶᠢᠯᠡᠬᠦ ᠤᠬᠠᠭᠤᠯᠭ᠎ᠠ ᠵᠢᠯᠣᠭᠤᠳᠣᠯᠭ᠎ᠠ ᠶᠢ ᠥᠷᠨᠢᠭᠦᠯᠵᠦ᠂ ᠣᠯᠠᠨ ᠲᠦᠮᠡᠨ ᠤ ᠦᠶᠡᠷ ᠢ ᠰᠡᠷᠭᠡᠶᠢᠯᠡᠬᠦ ᠤᠬᠠᠮᠰᠠᠷ ᠢ | ᠴᠢᠩᠭᠠᠳᠬᠠᠵᠤ᠂ ᠦᠶᠡᠷ ᠢ ᠰᠡᠷᠭᠡᠶᠢᠯᠡᠬᠦ ︽ᠠᠮᠤᠷ ᠲᠦᠪᠰᠢᠨ ᠤ ᠱᠤᠭᠤᠮ︾ ᠢ ᠪᠥᠬᠦ ᠬᠦᠴᠦᠨ ᠢᠶᠠᠷ ᠢᠶᠠᠨ ᠴᠢᠩᠭ᠎ᠠ | ᠠᠳᠬᠤᠨ᠎ᠠ᠃ | | | |