| ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠬᠢᠷᠢ | ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ | ᠲᠦᠪᠰᠢᠨ ᠤ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠬᠦ ᠶᠢᠨ ᠲᠥᠯᠥᠭᠡ᠂ ᠣᠶᠢᠷ᠎ᠠ ᠳᠤ᠂ ᠤᠯᠠᠭᠠᠨᠬᠠᠳᠠ | ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠶᠢᠴᠠᠭᠠᠬᠤ ᠳᠤᠭᠤᠶᠢᠯᠠᠩ | ᠨᠢᠩᠴᠧᠩ ᠳᠤ ᠬᠡᠢ ᠶᠢ ᠯᠣᠩᠬᠤᠨ ᠳᠤ ᠰᠠᠪᠠᠯᠠᠬᠤ ᠨᠢᠭᠡᠴᠢ ᠵᠢᠴᠢ ᠭᠤᠤᠯᠳᠠᠯᠭ᠎ᠠ ᠲᠠᠢ ᠵᠢᠭᠤᠯᠴᠢᠯᠠᠯ ᠤᠨ | ᠦᠵᠡᠮᠵᠢ ᠶᠢᠨ ᠣᠷᠣᠨ ᠤ ᠲᠣᠮᠣ ᠬᠡᠯᠪᠡᠷᠢ ᠶᠢᠨ ᠵᠤᠭ᠎ᠠ ᠴᠡᠩᠭᠡᠯ ᠤᠨ ᠲᠥᠬᠦᠭᠡᠷᠦᠮᠵᠢ᠂ ᠲᠡᠷᠭᠡ ᠶᠢ ᠵᠦᠪᠬᠡᠨ | ᠵᠢᠭᠤᠯᠴᠢᠯᠠᠯ ᠳᠤ ᠬᠡᠷᠡᠭᠯᠡᠬᠦ ᠨᠢᠭᠡᠴᠡ ᠳᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ | ᠬᠢᠨᠠᠨ ᠵᠢᠯᠣᠭᠤᠳᠣᠯᠭ᠎ᠠ ᠪᠠᠶᠢᠴᠠᠭᠠᠯᠲᠠ ᠥᠷᠨᠢᠭᠦᠯᠪᠡ᠃ | ᠪᠠᠶᠢᠴᠠᠭᠠᠬᠤ ᠳᠤᠭᠤᠶᠢᠯᠠᠩ ᠨᠢ ᠮᠠᠲ᠋ᠧᠷᠢᠶᠠᠯ ᠦᠵᠡᠬᠦ᠂ ᠰᠤᠭᠤᠴᠢᠨ ᠪᠠᠶᠢᠴᠠᠭᠠᠬᠤ᠂ ᠲᠤᠬᠠᠶ ᠶᠢᠨ ᠲᠠᠯᠠᠪᠤᠷ ᠲᠤ | ᠪᠠᠶᠢᠴᠠᠭᠠᠬᠤ᠂ ᠳ᠋ᠦᠩᠨᠡᠬᠦ ᠶᠠᠷᠢᠯᠴᠠᠬᠤ ᠬᠤᠷᠠᠯ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠯᠠᠭᠠᠨᠬᠠᠳᠠ ᠶᠢᠨ | ᠴᠢᠨ ᠹᠧᠩ ᠬᠡᠢ ᠪᠡᠶᠡᠲᠦ ᠶᠢᠨ ᠬᠢᠵᠠᠭᠠᠷᠲᠤ ᠺᠣᠮᠫᠠᠨᠢ᠂ ᠨᠢᠩᠴᠧᠩ ᠰᠢᠶᠠᠨ ᠤ ᠹᠦ᠋ ᠯᠦᠩ ᠰᠢᠲᠠᠮᠠᠬᠠᠶ ᠬᠡᠢ ᠶᠢᠨ | ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠨᠢᠩᠴᠧᠩ ᠤᠨ ᠠᠨ ᠱᠦᠨ ᠠᠵᠤ ᠦᠢᠯᠡᠳᠪᠦᠷᠢ ᠠᠷᠠᠯᠵᠢᠶᠠᠨ ᠤ | ᠬᠢᠵᠠᠭᠠᠷᠲᠤ ᠺᠣᠮᠫᠠᠨᠢ᠂ ᠨᠢᠩᠴᠧᠩ ᠤᠨ ᠲᠢᠶᠠᠨ ᠢᠦᠶ ᠵᠢᠭᠤᠯᠴᠢᠯᠠᠯ ᠤᠨ ᠨᠡᠭᠡᠭᠡᠨ ᠬᠥᠭᠵᠢᠭᠦᠯᠬᠦ ᠬᠢᠵᠠᠭᠠᠷᠲᠤ ᠺᠣᠮᠫᠠᠨᠢ | ᠂ ᠨᠢᠩᠴᠧᠩ ᠰᠢᠶᠠᠨ ᠤ ᠲᠢᠶᠠᠨ ᠬᠠᠩ ᠵᠤᠭ᠎ᠠ ᠴᠡᠩᠭᠡᠯ ᠤᠨ ᠬᠦᠷᠢᠶᠡᠯᠡᠩ ᠵᠡᠷᠭᠡ 6 ᠣᠨᠴᠠ ᠲᠥᠷᠥᠯ ᠤᠨ ᠲᠣᠨᠤᠭ | ᠲᠥᠬᠦᠭᠡᠷᠦᠮᠵᠢ ᠶᠢ ᠬᠡᠷᠡᠭᠯᠡᠬᠦ ᠨᠢᠭᠡᠴᠡ ᠶᠢ ᠪᠠᠶᠢᠴᠠᠭᠠᠨ ᠵᠢᠯᠣᠭᠤᠳᠪᠠ᠃ ᠬᠡᠢ ᠶᠢ ᠯᠣᠩᠬᠤ ᠶᠢ ᠰᠠᠪᠠᠯᠠᠭᠰᠠᠨ | ᠨᠢᠭᠡᠴᠡ ᠳᠤ᠂ ᠪᠠᠶᠢᠴᠠᠭᠠᠬᠤ ᠳᠤᠭᠤᠶᠢᠯᠠᠩ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ | ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠭᠰᠡᠨ ᠡᠰᠡᠬᠦ᠂ ᠰᠠᠪᠠᠯᠠᠬᠤ ᠶᠢᠨ ᠡᠮᠦᠨ᠎ᠡ ᠬᠤᠶᠢᠨᠠᠬᠢ | ᠪᠠᠶᠢᠴᠠᠭᠠᠯᠲᠠ ᠶᠢᠨ ᠲᠡᠮᠳᠡᠭᠯᠡᠯ ᠲᠠᠢ ᠪᠠᠶᠢᠬᠤ ᠡᠰᠡᠬᠦ᠂ ᠠᠮᠤᠷ ᠲᠦᠪᠰᠢᠨ ᠤ ᠮᠡᠷᠭᠡᠵᠢᠯ ᠤᠨ ᠵᠢᠷᠤᠮᠵᠢᠯ ᠤᠨ | ᠱᠠᠭᠠᠷᠳᠠᠯᠭ᠎ᠠ ᠶᠣᠰᠣᠭᠠᠷ ᠬᠡᠢ ᠶᠢ ᠯᠣᠩᠬᠤᠨ ᠳᠤ ᠰᠠᠪᠠᠯᠠᠭᠰᠠᠨ ᠶᠠᠰᠤ ᠴᠢᠨᠠᠷ ᠢ ᠮᠥᠷᠳᠡᠬᠦ ᠮᠡᠳᠡᠭᠡ ᠵᠠᠩᠭᠢ ᠶᠢᠨ | ᠰᠢᠰᠲ᠋ᠧᠮ ᠢ ᠪᠠᠶᠢᠭᠤᠯᠤᠨ ᠬᠡᠷᠡᠭᠯᠡᠭᠰᠡᠨ ᠡᠰᠡᠬᠦ᠂ ᠰᠠᠪᠠᠯᠠᠬᠤ ᠠᠵᠢᠯ ᠬᠢᠵᠦ ᠪᠠᠶᠢᠭ᠎ᠠ ᠬᠥᠮᠥᠰ ᠲᠤ ᠲᠣᠭᠲᠠᠭᠠᠯ ᠠᠴᠠ | ᠵᠥᠷᠢᠴᠡᠨ ᠠᠵᠢᠯᠯᠠᠭᠰᠠᠨ ᠡᠰᠡᠬᠦ᠂ ᠦᠨᠡᠮᠯᠡᠯ ᠦᠭᠡᠢ ᠪᠠᠷ ᠰᠠᠪᠠᠯᠠᠭᠰᠠᠨ ᠪᠠᠶᠢᠳᠠᠯ ᠪᠠᠶᠢᠬᠤ ᠡᠰᠡᠬᠦ᠂ | ᠳᠠᠩᠰᠠᠯᠠᠭᠤᠯᠤᠭᠰᠠᠨ ᠦᠭᠡᠢ ᠬᠡᠢ ᠶᠢᠨ ᠯᠣᠩᠬᠤ᠂ ᠰᠢᠨᠡᠳᠬᠡᠭᠰᠡᠨ ᠦᠭᠡᠢ ᠬᠡᠢ ᠶᠢᠨ ᠯᠣᠩᠬᠤ ᠪᠠᠶᠢᠬᠤ ᠡᠰᠡᠬᠦ ᠵᠡᠷᠭᠡ | ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠪᠠ᠃ ᠵᠢᠭᠤᠯᠴᠢᠯᠠᠯ ᠤᠨ ᠦᠵᠡᠮᠵᠢ ᠶᠢᠨ ᠣᠷᠣᠨ ᠤ ᠲᠣᠮᠣ ᠬᠡᠯᠪᠡᠷᠢ ᠶᠢᠨ | ᠵᠤᠭ᠎ᠠ ᠴᠡᠩᠭᠡᠯ ᠤᠨ ᠲᠥᠬᠦᠭᠡᠷᠦᠮᠵᠢ᠂ ᠲᠡᠷᠭᠡ ᠶᠢ ᠵᠦᠪᠬᠡᠨ ᠵᠢᠭᠤᠯᠴᠢᠯᠠᠯ ᠳᠤ ᠬᠡᠷᠡᠭᠯᠡᠬᠦ ᠨᠢᠭᠡᠴᠡ ᠳᠤ᠂ | ᠲᠥᠬᠦᠭᠡᠷᠦᠮᠵᠢ ᠶᠢ ᠱᠠᠭᠠᠷᠳᠠᠯᠭ᠎ᠠ ᠶᠣᠰᠣᠭᠠᠷ ᠬᠡᠷᠡᠭᠯᠡᠬᠦ ᠳᠠᠩᠰᠠᠯᠠᠯ ᠢ ᠭᠦᠢᠴᠡᠳᠬᠡᠭᠰᠡᠨ ᠡᠰᠡᠬᠦ ᠶᠢᠨ ᠬᠠᠮᠲᠤ ᠬᠡᠷᠩᠯᠡᠬᠦ | ᠲᠡᠮᠳᠡᠭ ᠢ ᠢᠯᠡᠳᠲᠡ ᠪᠠᠶᠢᠷᠢᠨ ᠳᠤ ᠲᠠᠯᠪᠢᠵᠤ᠂ ᠤᠷᠤᠵᠦ ᠭᠠᠷᠬᠤ ᠪᠠᠶᠢᠷᠢ ᠳᠤ ᠠᠶᠠᠨᠴᠢᠳ ᠡᠷᠬᠡᠪᠰᠢ ᠮᠡᠳᠡᠬᠦ ᠪᠠ | ᠪᠡᠶ᠎ᠡ ᠶᠢᠨ ᠥᠨᠳᠥᠷ ᠤᠨ ᠬᠡᠮᠵᠢᠶ᠎ᠡ ᠵᠡᠷᠭᠡ ᠠᠮᠤᠷ ᠲᠦᠪᠰᠢᠨ ᠤ ᠲᠡᠮᠳᠡᠭ ᠪᠠᠶᠢᠬᠤ ᠡᠰᠡᠬᠦ᠂ ᠲᠥᠬᠦᠭᠡᠷᠦᠮᠵᠢ ᠶᠢ | ᠪᠠᠶᠢᠴᠠᠭᠠᠨ ᠰᠢᠯᠭᠠᠬᠤ ᠳᠤ ᠬᠦᠴᠦᠨ ᠲᠠᠢ ᠪᠠᠶᠢᠬᠤ ᠡᠰᠡᠬᠦ᠂ ᠲᠣᠭᠲᠠᠭᠠᠯ ᠶᠣᠰᠣᠭᠠᠷ ᠲᠥᠬᠦᠭᠡᠷᠦᠮᠵᠢ ᠶᠢ | ᠠᠵᠢᠯᠯᠠᠬᠤ ᠠᠴᠠ ᠡᠮᠦᠨ᠎ᠡ ᠲᠤᠷᠰᠢᠨ ᠠᠵᠢᠯᠯᠠᠭᠤᠯᠬᠤ ᠶᠢ ᠪᠠᠶᠢᠴᠠᠭᠠᠬᠤ᠂ ᠡᠳᠦᠷ ᠲᠤᠲᠤᠮ ᠤᠨ ᠪᠠᠶᠢᠴᠠᠭᠠᠯᠲᠠ ᠬᠢᠬᠦ | ᠪᠠ ᠠᠷᠠᠴᠢᠯᠠᠨ ᠬᠠᠮᠠᠭᠠᠯᠠᠬᠤ᠂ ᠲᠣᠭᠲᠠᠮᠠᠯ ᠬᠤᠭᠤᠴᠠᠭ᠎ᠠ ᠲᠠᠢ ᠪᠠᠷ ᠥᠪᠡᠰᠦᠪᠡᠨ ᠪᠠᠶᠢᠴᠠᠭᠠᠭᠰᠠᠨ ᠡᠰᠡᠬᠦ᠂ | ᠱᠠᠭᠠᠷᠳᠠᠯᠭ᠎ᠠ ᠶᠣᠰᠣᠭᠠᠷ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠣᠷᠢᠯᠲᠠ ᠬᠢᠭᠰᠡᠨ ᠡᠰᠡᠬᠦ ᠵᠡᠷᠭᠡ | ᠠᠭᠤᠯᠭ᠎ᠠ ᠶᠢ ᠭᠤᠤᠯᠳᠠᠯᠭ᠎ᠠ ᠲᠠᠢ ᠪᠠᠶᠢᠴᠠᠭᠠᠪᠠ᠃ | ᠲᠣᠰ ᠤᠳᠠᠭᠠᠨ ᠤ ᠪᠠᠶᠢᠴᠠᠭᠠᠯᠲᠠ ᠳᠤ ᠨᠡᠶᠢᠲᠡ 14 ᠵᠤᠶᠢᠯ ᠤᠨ ᠠᠮᠤᠷ ᠲᠦᠪᠰᠢᠨ ᠤ ᠳᠠᠯᠳᠠ ᠬᠡᠮ ᠢ | ᠢᠯᠡᠷᠡᠭᠦᠯᠵᠦ᠂ ᠬᠠᠤᠯᠢ ᠬᠡᠷᠡᠭᠵᠢᠭᠦᠯᠬᠦ ᠠᠵᠢᠯᠲᠠᠨ ᠨᠢᠭᠡᠨᠲᠡ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠲᠡᠷᠡ | ᠳᠠᠷᠤᠶ ᠳᠤᠨᠢ ᠴᠡᠭᠴᠡᠯᠡᠨ ᠰᠠᠶᠢᠵᠢᠷᠠᠭᠤᠯᠪᠠ᠃ ᠲᠠᠷᠠᠭᠠᠴᠢ ᠶᠢᠨ ᠠᠯᠬᠤᠮ ᠳᠤ᠂ ᠨᠢᠩᠴᠧᠩ ᠰᠢᠶᠠᠨ ᠣᠨᠴᠠ | ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠡᠯ᠎ᠡ ᠵᠦᠢᠯ ᠤᠨ ᠠᠵᠢᠯ ᠢ ᠨᠠᠷᠢᠨ ᠨᠢᠮᠪᠠᠶ ᠬᠢᠵᠦ᠂ ᠣᠨᠴᠠ ᠲᠥᠷᠥᠯ ᠤᠨ ᠲᠣᠨᠤᠭ | ᠲᠥᠬᠦᠭᠡᠷᠦᠮᠵᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠥᠬᠦ ᠲᠠᠯ᠎ᠠ ᠪᠠᠷ ᠪᠠᠬᠢᠵᠢᠭᠦᠯᠵᠦ᠂ ᠣᠨᠴᠠ | ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ | ᠪᠠᠶᠢᠬᠤ ᠶᠢ ᠪᠠᠲᠤᠯᠠᠨ᠎ᠠ᠃ |