| ᠤᠶᠢᠷ᠎ᠠ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ | ᠳᠡᠯᠭᠡᠷᠡᠭᠦᠯᠬᠦ ᠲᠥᠪ᠂ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ | ᠲᠥᠪ ᠤᠨ ᠲᠤᠰᠬᠠᠶ ᠮᠡᠷᠭᠡᠵᠢᠯᠲᠡᠨ ᠨᠠᠷ ᠨᠢᠩᠴᠧᠩ ᠰᠢᠶᠠᠨ ᠳᠤ ᠢᠷᠡᠵᠦ᠂ ᠨᠢᠩᠴᠧᠩ ᠰᠢᠶᠠᠨ ᠤ ᠲᠠᠷᠢᠶᠠᠨ | ᠭᠠᠵᠠᠷ ᠤᠨ ᠲᠤᠷᠰᠢᠯᠲᠠ ᠳᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠲᠠᠷᠢᠶᠠᠨ ᠴᠢᠬᠢᠨ ᠤ ᠪᠣᠷᠳᠣᠭᠤᠷ ᠰᠣᠩᠭᠤᠬᠤ | ᠲᠤᠷᠰᠢᠯᠲᠠ ᠶᠢᠨ ᠲᠠᠷᠢᠶ᠎ᠠ᠂ ᠤᠰᠤ ᠬᠠᠮᠠᠭᠠᠯᠠᠬᠤ ᠡᠮ ᠤᠨ ᠲᠤᠷᠰᠢᠯᠲᠠ ᠶᠢᠨ ᠲᠠᠷᠢᠶ᠎ᠠ᠂ ᠪᠦᠬᠦ ᠠᠮᠢᠳᠤ ᠪᠣᠳᠠᠰ ᠤᠨ | ᠵᠠᠳᠠᠷᠠᠯᠲᠠ ᠶᠢᠨ ᠪᠦᠷᠬᠦᠪᠴᠢ ᠶᠢᠨ ᠲᠤᠷᠰᠢᠯᠲᠠ ᠶᠢᠨ ᠲᠠᠷᠢᠶ᠎ᠠ ᠶᠢ ᠪᠠᠶᠢᠴᠠᠭᠠᠪᠠ᠃ ᠲᠠᠷᠢᠶᠠᠨ ᠴᠢᠬᠢ ᠰᠣᠩᠭᠤᠬᠤ | ᠲᠤᠷᠰᠢᠯᠲᠠ ᠶᠢᠨ ᠲᠠᠷᠢᠶ᠎ᠠ ᠶᠢ ᠦᠵᠡᠬᠦ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ 18 ᠰᠢᠢᠳᠪᠦᠷᠢᠯᠡᠬᠦ | ᠲᠠᠷᠢᠮᠠᠯ ᠢ ᠨᠠᠷᠢᠨ ᠨᠢᠭᠲᠠ ᠬᠠᠷᠢᠴᠠᠭᠤᠯᠵᠤ᠂ 18 ᠵᠦᠢᠯ ᠤᠨ ᠠᠯᠭᠤᠷ ᠡᠵᠡᠮᠳᠡᠬᠦ ᠪᠤᠷᠳᠤᠭᠤᠷ ᠤᠨ ᠰᠢᠮ᠎ᠡ | ᠲᠡᠵᠢᠭᠡᠯ ᠤᠨ ᠠᠭᠤᠯᠤᠭᠳᠠᠴᠠ ᠶᠢ ᠨᠢᠭᠡᠳ ᠨᠢᠭᠡ ᠪᠠᠷ ᠵᠠᠳᠠᠯᠤᠨ ᠰᠢᠨᠵᠢᠯᠡᠪᠡ᠃ ᠤᠰᠤ ᠬᠠᠮᠠᠭᠠᠯᠠᠬᠤ ᠡᠮ ᠤᠨ | ᠲᠤᠷᠰᠢᠯᠲᠠ ᠶᠢᠨ ᠲᠠᠷᠢᠶᠠᠨ ᠳᠤ ᠪᠠᠶᠢᠴᠠᠭᠠᠨ ᠰᠤᠳᠤᠯᠬᠤ ᠳᠤᠭᠤᠶᠢᠯᠠᠩ 6 ᠠᠳᠠᠯᠢ ᠪᠤᠰᠤ ᠲᠦᠷᠦᠯ ᠲᠡᠮᠳᠡᠭ ᠤᠨ | ᠤᠰᠤ ᠬᠠᠮᠠᠭᠠᠯᠠᠬᠤ ᠡᠮ ᠤᠨ ᠲᠠᠷᠢᠮᠠᠯ ᠤᠨ ᠤᠷᠭᠤᠴᠠ ᠶᠢᠨ ᠪᠠᠶᠢᠳᠠᠯ ᠢ ᠬᠠᠷᠢᠴᠠᠭᠤᠯᠪᠠ᠃ ᠤᠰᠤ ᠬᠠᠮᠠᠭᠠᠯᠠᠬᠤ ᠡᠳ᠋ | ᠬᠡᠷᠡᠭᠯᠡᠬᠦ ᠪᠠ ᠤᠰᠤ ᠬᠠᠮᠠᠭᠠᠯᠠᠬᠤ ᠡᠳ᠋ ᠬᠡᠷᠡᠭᠯᠡᠭᠰᠡᠨ ᠦᠭᠡᠢ ᠲᠠᠷᠢᠮᠠᠯ ᠤᠨ ᠤᠷᠭᠤᠴᠠ ᠶᠢᠨ ᠪᠠᠶᠢᠳᠠᠯ ᠢ ᠬᠠᠷᠢᠴᠠᠭᠤᠯᠪᠠ | ᠃ ᠪᠦᠬᠦ ᠠᠮᠢᠳᠤ ᠪᠣᠳᠠᠰ ᠤᠨ ᠵᠠᠳᠠᠷᠠᠯᠲᠠ ᠶᠢᠨ ᠪᠦᠷᠬᠦᠪᠴᠢ ᠶᠢᠨ ᠲᠤᠷᠰᠢᠯᠲᠠ ᠶᠢᠨ ᠲᠠᠷᠢᠶᠠᠨ ᠳᠤ ᠪᠠᠶᠢᠴᠠᠭᠠᠨ | ᠰᠤᠳᠤᠯᠬᠤ ᠳᠤᠭᠤᠶᠢᠯᠠᠩ ᠰᠦᠯᠢᠶᠣᠣ ᠪᠦᠷᠬᠦᠪᠴᠢ ᠶᠢᠨ ᠬᠠᠷᠢᠮᠠᠬᠠᠢ ᠴᠢᠨᠠᠷ᠂ ᠠᠩ ᠥᠷᠭᠡᠴᠡ ᠶᠢ ᠨᠠᠷᠢᠨ ᠪᠠᠶᠢᠴᠠᠭᠠᠨ | ᠦᠵᠡᠵᠦ᠂ ᠰᠦᠯᠢᠶᠣᠣ ᠪᠦᠷᠬᠦᠪᠴᠢ ᠶᠢᠨ ᠨᠥᠯᠥᠭᠡᠯᠡᠬᠦ ᠬᠤᠭᠤᠴᠠᠭᠠᠨ ᠳᠤ ᠠᠩᠬᠠᠷᠬᠤ ᠴᠢᠬᠤᠯᠠᠲᠠᠢ ᠵᠦᠢᠯᠡᠰ ᠢ | ᠴᠢᠬᠤᠯᠠᠴᠢᠯᠠᠪᠠ᠃ | ᠪᠠᠶᠢᠴᠠᠭᠠᠨ ᠰᠤᠳᠤᠯᠤᠯᠲᠠ ᠳᠠᠭᠤᠰᠤᠭᠰᠠᠨ ᠤ ᠳᠠᠷᠠᠭ᠎ᠠ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠨᠢᠩᠴᠧᠩ | ᠰᠢᠶᠠᠨ ᠤ ᠲᠠᠷᠢᠶᠠᠨ ᠭᠠᠵᠠᠷ ᠤᠨ ᠲᠤᠷᠰᠢᠯᠲᠠ ᠶᠢᠨ ᠠᠵᠢᠯ ᠢ ᠭᠦᠢᠴᠡᠳ ᠨᠤᠲᠠᠯᠠᠪᠠ᠃ ᠡᠭᠦᠨ ᠤ ᠬᠠᠮᠲᠤ᠂ ᠲᠠᠷᠢᠶᠠᠨ | ᠭᠠᠵᠠᠷ ᠤᠨ ᠲᠤᠷᠰᠢᠯᠲᠠ ᠪᠣᠯ ᠨᠢᠭᠡᠨ ᠤᠷᠲᠤ ᠬᠤᠭᠤᠴᠠᠭᠠᠨ ᠤ ᠶᠠᠪᠤᠴᠠ ᠮᠥᠨ᠂ ᠭᠠᠵᠠᠷ ᠲᠡᠭᠰᠢᠯᠡᠬᠦ᠂ ᠲᠠᠷᠢᠬᠤ᠂ | ᠲᠠᠷᠢᠮᠠᠯ ᠤᠨ ᠤᠷᠭᠤᠯᠲᠠ ᠶᠢᠨ ᠬᠤᠭᠤᠴᠠᠭᠠᠨ ᠤ ᠲᠤᠭ᠎ᠠ ᠪᠠᠷᠢᠮᠲᠠ ᠶᠢ ᠮᠥᠷᠳᠡᠬᠦ᠂ ᠨᠠᠮᠤᠷ ᠤᠨ ᠬᠤᠷᠢᠶᠠᠯᠲᠠ ᠶᠢᠨ | ᠤᠨᠠᠯᠲᠠ ᠶᠢ ᠬᠡᠮᠵᠢᠵᠦ᠂ ᠭᠤᠭᠴᠤᠭ᠎ᠠ ᠨᠢᠭᠡᠪᠦᠷᠢ ᠳᠤ ᠴᠥᠮ ᠲᠥᠰᠦᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠎ᠠ᠂ | ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠳᠡᠭᠡᠭᠰᠢᠯᠡᠭᠦᠯᠵᠦ᠂ ᠬᠢᠨᠠᠨ ᠬᠡᠮᠵᠢᠯᠲᠡ ᠶᠢᠨ ᠲᠤᠭ᠎ᠠ | ᠪᠠᠷᠢᠮᠲᠠ ᠶᠢᠨ ᠦᠨᠡᠨ ᠪᠣᠳᠠᠲᠠᠶ ᠪᠥᠭᠡᠳ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠵᠤ᠂ ᠲᠤᠷᠰᠢᠯᠲᠠ ᠶᠢᠨ | ᠮᠡᠳᠡᠭᠦᠯᠦᠯᠲᠡ ᠶᠢᠨ ᠰᠢᠨᠵᠢᠯᠡᠬᠦ ᠤᠬᠠᠭᠠᠨᠴᠢ ᠴᠢᠩᠭ᠎ᠠ ᠨᠢᠮᠪᠠᠶ ᠪᠠᠶᠢᠬᠤ ᠱᠠᠭᠠᠷᠳᠠᠯᠭ᠎ᠠ ᠳᠤ ᠨᠡᠶᠢᠴᠡᠬᠦ ᠶᠢ ᠦᠨᠡᠨ ᠬᠦ | ᠪᠠᠲᠤᠯᠠᠵᠤ᠂ ᠬᠤᠶᠢᠰᠢᠳᠠ ᠶᠢᠨ ᠪᠤᠷᠳᠤᠭᠤᠷ ᠣᠷᠣᠭᠤᠯᠬᠤ ᠰᠢᠢᠳᠪᠦᠷᠢᠲᠦ ᠪᠣᠳᠣᠯᠭ᠎ᠠ ᠳᠤ ᠯᠠᠪᠯᠠᠯᠲᠠ ᠬᠠᠩᠭᠠᠬᠤ | ᠦᠨ᠎ᠡ ᠥᠷᠲᠡᠭ ᠬᠠᠩᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠲᠠᠷᠠᠭᠠᠴᠢ ᠶᠢᠨ ᠠᠯᠬᠤᠮ ᠳᠤ᠂ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ | ᠤᠷᠤᠨ ᠤ ᠲᠣᠪᠴᠢᠶ᠎ᠠ ᠲᠣᠰ ᠤᠳᠠᠭᠠᠨ ᠤ ᠲᠤᠰᠬᠠᠶ ᠮᠡᠷᠭᠡᠵᠢᠯᠲᠡᠨ ᠤ ᠪᠠᠶᠢᠴᠠᠭᠠᠨ ᠰᠤᠳᠤᠯᠵᠤ ᠵᠢᠭᠠᠨ | ᠵᠢᠯᠣᠭᠤᠳᠬᠤ ᠪᠠᠷ ᠠᠵᠠ ᠲᠣᠬᠢᠶᠠᠯ ᠪᠣᠯᠭᠠᠵᠤ᠂ ᠲᠠᠷᠢᠶᠠᠨ ᠭᠠᠵᠠᠷ ᠤᠨ ᠲᠤᠷᠰᠢᠯᠲᠠ ᠶᠢᠨ ᠬᠢᠨᠠᠨ ᠬᠡᠮᠵᠢᠬᠦ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠠᠷᠢᠮᠠᠯ ᠤᠨ ᠤᠷᠭᠤᠯᠳᠠ ᠡᠭᠦᠰᠬᠦ ᠬᠤᠭᠤᠴᠠᠭᠠᠨ ᠳᠠᠬᠢ ᠬᠢᠨᠠᠨ | ᠬᠡᠮᠵᠢᠭᠰᠡᠨ ᠲᠤᠭ᠎ᠠ ᠪᠠᠷᠢᠮᠲᠠ ᠶᠢ ᠪᠥᠬᠦ ᠲᠠᠯ᠎ᠠ ᠪᠠᠷ ᠮᠥᠷᠳᠡᠵᠦ᠂ ᠪᠥᠬᠦ ᠰᠢᠶᠠᠨ ᠤ ᠰᠢᠨᠵᠢᠯᠡᠬᠦ ᠤᠬᠠᠭᠠᠨᠴᠢ ᠪᠠᠷ | ᠪᠣᠷᠳᠣᠭᠤᠷ ᠣᠷᠣᠭᠤᠯᠬᠤ ᠠᠵᠢᠯ ᠢ ᠬᠠᠮᠠᠭᠠᠯᠠᠨ᠎ᠠ᠃ |