| ᠤᠶᠢᠷ᠎ᠠ ᠶᠢᠨ ᠡᠳᠦᠷ᠂ ᠳᠤᠮᠳᠠᠳᠤ ᠤᠯᠤᠰ ᠤᠨ ᠰᠢᠪᠠᠵᠢ ᠶᠢᠨ ᠨᠡᠶᠢᠭᠡᠮᠯᠢᠭ ᠤᠨ ᠠᠩᠬᠠᠳᠤᠭᠠᠷ ᠬᠤᠭᠤᠴᠠᠭᠠᠨ ᠤ | ᠡᠷᠲᠡᠨ ᠤ ᠰᠢᠪᠠᠵᠢ ᠵᠢᠴᠢ ᠰᠢᠪᠠᠵᠢ ᠶᠢᠨ ᠦᠶ᠎ᠡ ᠤᠯᠠᠷᠢᠨ ᠬᠤᠪᠢᠷᠠᠬᠤ ᠡᠷᠳᠡᠮ ᠰᠢᠨᠵᠢᠯᠡᠭᠡᠨ ᠤ ᠰᠤᠳᠤᠯᠤᠨ | ᠶᠠᠷᠢᠯᠴᠠᠬᠤ ᠬᠤᠷᠠᠯ ᠨᠢᠩᠴᠧᠩ ᠰᠢᠶᠠᠨ ᠳᠤ ᠬᠤᠷᠠᠯᠳᠤᠪᠠ᠃ ᠬᠤᠷᠠᠯ ᠳᠡᠭᠡᠷ᠎ᠡ᠂ ᠳᠤᠮᠳᠠᠳᠤ ᠤᠯᠤᠰ ᠤᠨ | ᠰᠢᠪᠠᠵᠢ ᠶᠢᠨ ᠨᠡᠶᠢᠭᠡᠮᠯᠢᠭ ᠠᠴᠠ ᠤᠯᠠᠭᠠᠨᠬᠠᠳᠠ ᠬᠤᠲᠠ ᠶᠢᠨ ᠨᠢᠩᠴᠧᠩ ᠤᠨ ᠤᠯᠤᠰ ᠤᠨ ᠭᠠᠵᠠᠷ ᠰᠢᠨᠵᠢᠯᠡᠭᠡᠨ ᠤ | ᠴᠡᠴᠡᠷᠯᠢᠭ ᠤᠨ ᠬᠠᠮᠢᠶᠠᠷᠤᠯᠲᠠ ᠶᠢᠨ ᠲᠣᠪᠴᠢᠶ᠎ᠠ ᠳᠤ ︽ᠳᠤᠮᠳᠠᠳᠤ ᠤᠯᠤᠰ ᠤᠨ ᠰᠢᠪᠠᠵᠢ ᠶᠢᠨ ᠨᠡᠶᠢᠭᠡᠮᠯᠢᠭ ᠤᠨ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠤᠨ ᠰᠠᠭᠤᠷᠢᠨ ᠭᠠᠵᠠᠷ︾ ᠤᠨ ᠴᠣᠯᠠ ᠣᠯᠭᠤᠪᠠ᠃ 2023 | ᠣᠨ ᠤ 4 ᠰᠠᠷ᠎ᠠ ᠠᠴᠠ ᠨᠠᠰᠢ᠂ ᠳᠤᠮᠳᠠᠳᠤ ᠤᠯᠤᠰ ᠤᠨ ᠰᠢᠪᠠᠵᠢ ᠶᠢᠨ ᠡᠷᠳᠡᠮ ᠰᠢᠨᠵᠢᠯᠡᠭᠡᠨ ᠤ ᠨᠡᠶᠢᠭᠡᠮᠯᠢᠭ ᠪᠥᠬᠦ | ᠤᠯᠤᠰ ᠤᠨ ᠬᠡᠪᠴᠢᠶᠡᠨ ᠳᠤ ᠰᠢᠪᠠᠵᠢ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠤᠨ ᠰᠠᠭᠤᠷᠢᠨ | ᠭᠠᠵᠠᠷ ᠢ ᠪᠠᠶᠢᠭᠤᠯᠵᠤ᠂ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ᠂ ᠲᠤᠰᠬᠠᠶ ᠮᠡᠷᠭᠡᠵᠢᠯᠲᠡᠨ | ᠰᠢᠯᠭᠠᠷᠠᠭᠤᠯᠬᠤ ᠪᠠᠷ ᠳᠡᠮᠵᠢᠨ᠂ ᠤᠯᠠᠭᠠᠨᠬᠠᠳᠠ ᠬᠤᠲᠠ ᠶᠢᠨ ᠨᠢᠩᠴᠧᠩ ᠤᠨ ᠤᠯᠤᠰ ᠤᠨ ᠭᠠᠵᠠᠷ ᠰᠢᠨᠵᠢᠯᠡᠭᠡᠨ ᠤ | ᠴᠡᠴᠡᠷᠯᠢᠭ ᠤᠨ ᠬᠠᠮᠢᠶᠠᠷᠤᠯᠲᠠ ᠶᠢᠨ ᠲᠣᠪᠴᠢᠶ᠎ᠠ ᠵᠡᠷᠭᠡ 8 ᠨᠢᠭᠡᠴᠡ ᠰᠣᠩᠭᠤᠭᠳᠠᠪᠠ᠃ ᠨᠢᠩᠴᠧᠩ ᠤᠨ ᠤᠯᠤᠰ ᠤᠨ | ᠭᠠᠵᠠᠷ ᠰᠢᠨᠵᠢᠯᠡᠭᠡᠨ ᠤ ᠴᠡᠴᠡᠷᠯᠢᠭ ᠪᠣᠯ ᠤᠯᠠᠭᠠᠨᠬᠠᠳᠠ ᠬᠤᠲᠠ ᠶᠢᠨ ᠡᠮᠦᠨ᠎ᠡ ᠬᠡᠰᠡᠭ ᠲᠤ ᠪᠠᠶᠢᠷᠢᠯᠠᠵᠤ᠂ ᠳᠡᠯᠡᠬᠡᠶ ᠶᠢᠨ | ᠵᠦᠷ ᠤᠨ ᠭᠠᠯᠪᠠ ᠶᠢᠨ ᠰᠢᠪᠠᠵᠢ ᠶᠢᠨ ᠴᠢᠯᠠᠭᠤᠵᠢᠮᠠᠯ ᠤᠨ ᠴᠢᠬᠤᠯᠠ ᠭᠠᠷᠤᠯᠲᠠ ᠶᠢᠨ ᠣᠷᠣᠨ ᠪᠠᠶᠢᠵᠤ᠂ ᠶᠡᠷᠦᠩᠬᠡᠶ | ᠲᠠᠯᠠᠪᠠᠶ ᠨᠢ 80 ᠭᠠᠷᠤᠶ ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠳ᠋ᠤᠤ ᠬᠤ᠋ ᠭᠧᠦ ᠶᠢᠨ ᠴᠢᠯᠠᠭᠤᠵᠢᠮᠠᠯ ᠤᠨ | ᠪᠠᠭᠤᠷᠢ ᠶᠢᠨ ᠬᠦᠷᠢᠶᠡᠯᠡᠩ ᠲᠣᠭᠤᠷᠢᠭ ᠪᠠ ᠬᠠᠯᠠᠭᠤᠨ ᠷᠠᠰᠢᠶᠠᠨ ᠤ ᠬᠦᠷᠢᠶᠡᠯᠡᠩ ᠲᠣᠭᠤᠷᠢᠭ ᠢᠶᠠᠷ ᠪᠦᠷᠢᠯᠳᠦᠵᠠᠢ᠃ | ᠳ᠋ᠣᠣ ᠬᠤ᠋ ᠭᠧᠦ ᠶᠢᠨ ᠴᠢᠯᠠᠭᠤᠵᠢᠮᠠᠯ ᠤᠨ ᠪᠠᠭᠤᠷᠢ ᠶᠢᠨ ᠬᠦᠷᠢᠶᠡᠯᠡᠩ ᠳᠣᠲᠣᠷ᠎ᠠ ᠠᠮᠢᠳᠤ ᠪᠣᠳᠠᠰ ᠤᠨ ᠦᠶ᠎ᠡ ᠶᠢᠨ | ᠭᠠᠵᠠᠷ ᠤᠨ ᠳᠠᠪᠬᠤᠷᠭ᠎ᠠ ᠨᠢ ᠮᠠᠰᠢ ᠡᠯᠪᠡᠭ ᠪᠥᠭᠡᠳ ᠨᠠᠷᠢᠯᠢᠭ ᠰᠠᠢᠬᠠᠨ ᠡᠷᠲᠡᠨ ᠤ ᠠᠮᠢᠳᠤ ᠪᠣᠳᠠᠰ ᠤᠨ ᠴᠢᠯᠠᠭᠤᠵᠢᠮᠠᠯ | ᠠᠭᠤᠯᠤᠭᠳᠠᠵᠤ ᠪᠣᠢ᠃ 20 ᠳ᠋ᠤᠭᠠᠷ ᠵᠠᠭᠤᠨ ᠤ ᠰᠡᠭᠦᠯᠴᠢ ᠠᠴᠠ ᠲᠤᠮᠳᠠᠳᠦ ᠤᠯᠤᠰ ᠤᠨ ᠰᠢᠨᠵᠢᠯᠡᠬᠦ ᠤᠬᠠᠭᠠᠨ ᠤ | ᠮᠡᠷᠭᠡᠵᠢᠯᠲᠡᠨ ᠠᠳᠡ ᠶᠡᠭᠡ ᠬᠡᠮᠵᠢᠶᠡᠨ ᠤ ᠰᠢᠪᠠᠵᠢ ᠶᠢᠨ ᠴᠢᠯᠠᠭᠤᠵᠢᠮᠠᠯ ᠤᠨ ᠰᠤᠳᠤᠯᠤᠯ ᠤᠨ ᠠᠵᠢᠯ ᠦᠷᠨᠢᠭᠦᠯᠪᠡ᠃ | ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠮᠢᠲᠠᠨ ᠤ ᠰᠤᠳᠤᠯᠭᠠᠨ ᠤ ᠭᠠᠵᠠᠷ ᠤᠨ ᠳᠠᠷᠤᠭ᠎ᠠ᠂ | ᠳᠤᠮᠳᠠᠳᠤ ᠤᠯᠤᠰ ᠤᠨ ᠰᠢᠪᠠᠵᠢ ᠶᠢᠨ ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ ᠴᠢᠶᠣᠤ ᠭᠧ ᠰᠢᠶᠠ᠂ ᠳ᠋ᠤᠤ | ᠬᠤ᠋ ᠭᠧᠤ ᠣᠷᠣᠨ ᠤ ᠰᠢᠪᠠᠵᠢ ᠶᠢᠨ ᠴᠢᠯᠠᠭᠤᠵᠢᠮᠠᠯ ᠪᠣᠯ ᠠᠮᠢᠲᠠᠨ ᠤ ᠣᠯᠠᠨ ᠶᠠᠩᠵᠤᠲᠤ ᠴᠢᠨᠠᠷ᠂ ᠡᠭᠦᠰᠦᠯ᠂ | ᠬᠤᠪᠢᠰᠤᠯᠲᠠ ᠶᠢᠨ ᠲᠡᠦᠬᠡ ᠶᠢ ᠰᠤᠳᠤᠯᠬᠤ ᠴᠢᠬᠤᠯᠠ ᠰᠢᠨᠵᠢᠯᠡᠬᠦ ᠤᠬᠠᠭᠠᠨ ᠤ ᠨᠤᠲᠠᠯᠠᠯ ᠮᠥᠨ᠂ ᠡᠷᠲᠡᠨ ᠤ ᠠᠮᠢᠳᠤ | ᠪᠣᠳᠠᠰ ᠢ ᠰᠤᠳᠤᠯᠬᠤ ᠳᠤ ᠮᠠᠰᠢ ᠰᠠᠶᠢᠨ ᠪᠠᠶᠢᠭᠠᠯᠢ ᠶᠢᠨ ᠲᠤᠷᠰᠢᠯᠲᠠ ᠶᠢᠨ ᠲᠠᠰᠤᠭ ᠬᠠᠩᠭᠠᠪᠠ ᠭᠡᠵᠦ ᠨᠤᠲᠠᠯᠠᠪᠠ᠃ |