ᠪᠢᠰᠠᠷ ᠪᠠᠯᠭᠠᠰᠦ ︽ᠭᠤᠷᠪᠠ ᠶᠢ ᠪᠣᠳᠠᠲᠠᠶᠢᠵᠢᠭᠤᠯᠵᠤ︾ ᠦᠶᠡᠷ ᠢ ᠰᠡᠷᠭᠡᠶᠢᠯᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠡ
ᠨᠡᠶᠢᠲᠡᠯᠡᠭᠰᠡᠨ ᠴᠠᠭ᠄
2024/8/2
    ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠪᠣᠳᠠᠲᠠᠶᠢᠵᠢᠭᠤᠯᠤᠨ᠎ᠠ᠃ ᠪᠠᠯᠭᠠᠰᠤᠨ ᠤ ᠤᠳᠤᠷᠢᠳᠬᠤ ᠪᠠᠭ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠭᠤᠤᠯ ᠤᠳᠤᠷᠢᠳᠤᠯᠭ᠎ᠠ ᠪᠡᠶ᠎ᠡ ᠪᠠᠷ ᠢᠶᠠᠨ ᠲᠦᠷᠦᠭᠦᠯᠡᠨ᠂ ᠪᠠᠯᠭᠠᠰᠤᠨ ᠤ ᠲᠣᠰᠬᠤᠨ ᠢ ᠳᠠᠭᠠᠭᠠᠴᠢᠯᠠᠭᠰᠠᠨ ᠺᠠᠳ᠋ᠷ᠂ ᠲᠣᠰᠬᠤᠨ ᠤ ᠬᠤᠶᠠᠷ ᠵᠥᠪᠯᠡᠯ ᠤᠨ ᠭᠡᠰᠢᠭᠦᠨ᠂ ᠭᠡᠰᠡᠭ ᠬᠠᠮᠢᠶᠠᠷᠤᠬᠴᠢ᠂ ᠰᠠᠶᠢᠨ ᠲᠤᠷᠠᠴᠤᠳ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠬᠥᠮᠦᠰ ᠢ ᠵᠣᠬᠢᠶᠠᠨ ᠪᠠᠶᠢᠭᠤᠯᠤᠨ ᠬᠠᠷᠢᠶ᠎ᠠ ᠣᠷᠣᠨ ᠤ ᠭᠤᠤᠯᠳᠠᠯᠭ᠎ᠠ ᠲᠠᠢ ᠤᠰᠤᠨ ᠣᠷᠣᠨ ᠳᠤ ᠲᠤᠰᠬᠠᠶ ᠬᠥᠮᠦᠨ ᠢᠶᠠᠷ ᠳᠠᠭᠠᠭᠠᠴᠢᠯᠠᠭᠤᠯᠵᠤ᠂ 24 ᠴᠠᠭ ᠢᠶᠠᠷ ᠵᠢᠵᠢᠭᠦᠷᠯᠡᠬᠦ ᠪᠠ ᠮᠡᠳᠡᠭᠡ ᠵᠠᠩᠭᠢ ᠶᠢ ᠳᠡᠭᠡᠭᠰᠢ ᠮᠡᠳᠡᠭᠦᠯᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠡᠯ᠎ᠡ ᠲᠣᠰᠬᠤᠨ ᠳᠤ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ ᠲᠣᠰᠬᠤᠨ ᠤ ᠬᠤᠶᠠᠷ ᠵᠥᠪᠯᠡᠯ ᠤᠨ ᠡᠭᠡᠯᠵᠢᠯᠡᠨ ᠵᠢᠵᠢᠭᠦᠷᠯᠡᠨ ᠰᠠᠬᠢᠬᠤ ᠠᠷᠭ᠎ᠠ ᠶᠢ ᠬᠡᠷᠡᠭᠵᠢᠭᠦᠯᠵᠦ᠂ ᠪᠠᠯᠭᠠᠰᠤ ᠠᠴᠠ ᠲᠣᠰᠬᠤᠨ ᠬᠦᠷᠲᠡᠯ᠎ᠡ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠪᠠ᠃    ᠬᠤᠶᠠᠷ ᠲᠤ᠂ ᠬᠥᠮᠦᠵᠢᠯ ᠤᠬᠠᠭᠤᠯᠭ᠎ᠠ ᠶᠢ ᠪᠣᠳᠠᠲᠠᠶᠢᠵᠢᠭᠤᠯᠤᠨ᠎ᠠ᠃ ᠤᠬᠠᠭᠤᠯᠭ᠎ᠠ ᠶᠢᠨ ᠬᠡᠯᠪᠡᠷᠢ ᠶᠢ ᠪᠠᠶᠠᠯᠢᠭᠵᠢᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠣᠯᠠᠨ ᠠᠷᠭ᠎ᠠ ᠵᠠᠮ ᠢᠶᠠᠷ ᠶᠠᠪᠤᠭᠳᠠᠨ᠎ᠠ᠃ ᠪᠠᠯᠭᠠᠰᠤ ᠲᠣᠰᠬᠤᠨ ᠤ ᠷᠠᠳᠢᠣ᠋ ᠨᠡᠪᠲᠡᠷᠡᠭᠦᠯᠭᠡ ᠶᠢᠨ ᠪᠦᠷᠢᠶ᠎ᠡ᠂ ᠤᠬᠠᠭᠤᠯᠭ᠎ᠠ ᠶᠢᠨ ᠳᠡᠪᠲᠡᠷ ᠲᠠᠷᠬᠠᠭᠠᠬᠤ᠂ ᠸᠢᠴᠠᠲ ᠤᠨ ᠴᠤᠭᠯᠠᠷᠠᠯ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠠᠩ ᠪᠥᠬᠦ ᠲᠠᠯ᠎ᠠ ᠶᠢᠨ ᠤᠬᠠᠭᠤᠯᠭ᠎ᠠ ᠶᠢᠨ ᠬᠦᠴᠦᠨ ᠢ ᠪᠣᠶ ᠪᠣᠯᠭᠠᠨ᠎ᠠ᠃ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ᠂ ᠰᠢᠷᠦᠭᠦᠨ ᠪᠣᠷᠣᠭᠠᠨ ᠤ ᠮᠡᠳᠡᠭᠡ ᠵᠠᠩᠭᠢ ᠶᠢᠨ ᠰᠡᠷᠡᠮᠵᠢᠯᠡᠭᠦᠯᠦᠯ ᠢ ᠴᠠᠭ ᠲᠤᠬᠠᠶ ᠳᠤᠨᠢ ᠰᠢᠨᠡᠳᠬᠡᠵᠦ᠂ ᠴᠠᠭ ᠠᠭᠤᠷ ᠤᠨ ᠤᠷᠢᠳᠴᠢᠯᠠᠭᠰᠠᠨ ᠮᠡᠳᠡᠭᠡ ᠪᠠ ᠤᠰᠤᠨ ᠤ ᠬᠡᠮᠵᠢᠶ᠎ᠡ ᠥᠰᠬᠦ ᠲᠦᠭᠰᠢᠭᠦᠷᠢ ᠶᠢᠨ ᠰᠠᠨᠠᠭᠤᠯᠤᠮᠵᠢ ᠶᠢ ᠣᠯᠤᠭᠰᠠᠨ ᠤ ᠳᠠᠷᠠᠭ᠎ᠠ᠂ ᠲᠡᠷᠡ ᠳᠠᠷᠤᠶ ᠳᠤᠨᠢ ᠬᠠᠷᠢᠭᠤᠴᠠᠯᠭ᠎ᠠ ᠶᠢ ᠬᠥᠮᠦᠨ ᠳᠤᠨᠢ ᠨᠠᠶᠢᠳᠠᠪᠤᠷᠢᠵᠢᠭᠤᠯᠵᠤ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠨ᠂ ᠣᠯᠠᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠢ ᠦᠨᠡᠨᠬᠦ ᠪᠠᠲᠤᠯᠠᠨ᠎ᠠ᠃  ᠭᠤᠷᠪᠠ ᠳᠤ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠪᠣᠳᠠᠲᠠᠶᠢᠵᠢᠭᠤᠯᠤᠨ᠎ᠠ᠃ ᠲᠣᠰ ᠪᠠᠯᠭᠠᠰᠤᠨ ᠤ ᠦᠶᠡᠷ ᠢ ᠰᠡᠷᠭᠡᠶᠢᠯᠡᠬᠦ ᠪᠠᠶᠢᠳᠠᠯ ᠤᠨ ᠣᠨᠴᠠᠯᠢᠭ ᠲᠠᠢ ᠨᠢᠭᠲᠠ ᠤᠶᠠᠯᠳᠤᠭᠤᠯᠤᠨ᠂ ᠠᠮᠤᠷ ᠲᠦᠪᠰᠢᠨ ᠤ ᠳᠠᠯᠳᠠ ᠬᠡᠮ ᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠥᠩᠭᠡᠷᠡᠭᠰᠡᠨ ᠤ ᠦᠶᠡᠷ ᠢ ᠰᠡᠷᠭᠡᠶᠢᠯᠡᠬᠦ ᠠᠵᠢᠯ ᠤᠨ ᠲᠤᠷᠰᠢᠯᠭ᠎ᠠ ᠶᠢ ᠦᠨᠳᠦᠰᠦᠯᠡᠨ᠂ ᠦᠶᠡᠷ ᠢ ᠰᠡᠷᠭᠡᠶᠢᠯᠡᠬᠦ ᠠᠵᠢᠯ ᠳᠤ ᠭᠠᠷᠴᠤ ᠮᠡᠳᠡᠬᠦ ᠰᠢᠨ᠎ᠡ ᠪᠠᠶᠢᠳᠠᠯ ᠳᠤ ᠴᠢᠭᠯᠡᠭᠦᠯᠦᠨ᠂ ᠳᠤᠲᠠᠭᠤᠳᠠᠯ ᠢᠶᠠᠨ ᠨᠥᠬᠦᠪᠥᠷᠢᠯᠡᠵᠦ᠂ ᠦᠶᠡᠷ ᠢ ᠰᠡᠷᠭᠡᠶᠢᠯᠡᠬᠦ᠂ ᠦᠶᠡᠷ ᠢ ᠡᠰᠡᠷᠭᠦᠴᠡᠬᠦ ᠲᠥᠰᠦᠯ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠪᠡᠯᠡᠳᠬᠡᠯ ᠲᠥᠰᠦᠯ ᠤᠨ ᠬᠡᠷᠡᠭᠵᠢᠭᠦᠯᠵᠦ ᠪᠣᠯᠬᠤᠶᠢᠴᠠ ᠴᠢᠨᠠᠷ ᠢ ᠴᠢᠩᠭᠠᠷᠠᠭᠤᠯᠤᠨ᠎ᠠ᠃ ᠦᠶᠡᠷ ᠤᠨ ᠪᠠᠶᠢᠳᠠᠯ ᠭᠠᠷᠤᠭᠰᠠᠨ ᠤ ᠳᠠᠷᠠᠭ᠎ᠠ ᠴᠠᠭ ᠲᠤᠬᠠᠶ ᠳᠤᠨᠢ ᠮᠡᠳᠡᠭᠦᠯᠵᠦ᠂ ᠴᠠᠭ ᠲᠤᠬᠠᠶ ᠳᠤᠨᠢ ᠰᠢᠢᠳᠪᠤᠷᠢᠯᠡᠨ᠎ᠠ᠃
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号