ᠨᠢᠩᠴᠧᠩ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ︽ᠬᠤᠶᠠᠷ ᠢ ᠬᠥᠩᠭᠡᠷᠡᠭᠦᠯᠬᠦ︾ ᠪᠦᠲᠦᠮᠵᠢ ᠶᠢ ᠪᠠᠬᠢᠵᠢᠭᠦᠯᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/2
    ︽ᠬᠤᠶᠠᠷ ᠢ ᠬᠥᠩᠭᠡᠷᠡᠭᠦᠯᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠤᠷᠭᠠᠭᠤᠯᠢ ᠶᠢᠨ ᠳᠣᠲᠣᠨ᠎ᠠ ᠭᠠᠳᠠᠨᠠᠬᠢ ᠵᠠᠰᠠᠯᠲᠠ ᠶᠢᠨ ᠪᠦᠲᠦᠮᠵᠢ ᠶᠢ ᠪᠠᠬᠢᠵᠢᠭᠦᠯᠬᠦ ᠶᠢᠨ ᠲᠥᠯᠥᠭᠡ᠂ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ︽︿ᠬᠤᠶᠠᠷ ᠢ ᠬᠥᠩᠭᠡᠷᠡᠭᠦᠯᠬᠦ﹀ ᠪᠦᠲᠦᠮᠵᠢ ᠶᠢ ᠪᠠᠬᠢᠵᠢᠭᠦᠯᠬᠦ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ︾ ᠶᠢ ᠨᠠᠷᠢᠨ ᠬᠢᠨᠠᠮᠠᠭᠠᠶ ᠥᠷᠨᠢᠭᠦᠯᠪᠡ᠃ ︽ᠨᠢᠩᠴᠧᠩ ᠰᠢᠶᠠᠨ ᠤ ᠰᠤᠷᠭᠠᠭᠤᠯᠢ ᠶᠢᠨ ᠭᠠᠳᠠᠨᠠᠬᠢ  ᠪᠤᠯᠪᠠᠰᠤᠷᠠᠯ ᠤᠨ ᠪᠠᠶᠢᠭᠤᠯᠤᠮᠵᠢ ᠶᠢᠨ ᠵᠠᠰᠠᠯᠲᠠ ᠶᠢ ᠭᠦᠨᠵᠡᠭᠡᠶᠢᠷᠡᠭᠦᠯᠬᠦ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠲᠥᠰᠦᠯ︾᠂ ︽ᠵᠣᠨ ᠤ ᠠᠮᠠᠷᠠᠯᠲᠠ ᠶᠢᠨ ᠬᠤᠭᠤᠴᠠᠭᠠᠨ ᠤ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠵᠠᠰᠠᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ 2 ᠤᠳᠠᠭ᠎ᠠ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠵᠠᠰᠠᠯᠲᠠ ᠶᠢᠨ ᠠᠵᠢᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ 3 ᠤᠳᠠᠭ᠎ᠠ ᠬᠠᠮᠲᠤᠷᠠᠨ ᠪᠠᠶᠢᠴᠠᠭᠠᠵᠤ᠂ ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠲᠡ 58 ᠤᠳᠠᠭ᠎ᠠ ᠬᠥᠳᠡᠯᠭᠡᠵᠦ᠂ 4 ᠠᠰᠠᠭᠤᠳᠠᠯ ᠢ ᠢᠯᠡᠷᠡᠭᠦᠯᠵᠦ  ᠨᠢᠭᠡᠨᠲᠡ ᠴᠡᠭᠴᠡᠯᠡᠨ ᠰᠠᠶᠢᠵᠢᠷᠠᠭᠤᠯᠵᠤ᠂ ᠡᠯ᠎ᠡ ᠲᠥᠷᠥᠯ ᠤᠨ ᠪᠤᠯᠪᠠᠰᠤᠷᠠᠯ ᠤᠨ ᠪᠠᠶᠢᠭᠤᠯᠤᠮᠵᠢ᠂ ᠺᠣᠮᠫᠠᠨᠢ ᠳᠤ ︽ᠵᠠᠷᠯᠢᠭᠳᠠᠨ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ︾ ᠢ 9 ᠬᠤᠪᠢ ᠪᠠᠭᠤᠯᠭᠠᠵᠤ᠂ 4 ᠪᠠᠶᠢᠭᠤᠯᠤᠮᠵᠢ ᠶᠢᠨ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠵᠤ᠂ ᠲᠣᠭᠲᠠᠭᠠᠯ ᠠᠴᠠ ᠵᠥᠷᠢᠴᠡᠭᠰᠡᠨ ᠪᠤᠯᠪᠠᠰᠤᠷᠠᠯ ᠤᠨ ᠫᠠᠶᠢᠰᠠ ᠢᠯᠡᠷᠬᠡᠶᠢᠯᠡᠯ ᠢ 6 ᠪᠠᠭᠤᠯᠭᠠᠪᠠ᠃ ᠳᠠᠷᠠᠭᠠᠴᠢ ᠶᠢᠨ ᠠᠯᠬᠤᠮ ᠳᠤ᠂ ᠨᠢᠩᠴᠧᠩ ᠰᠢᠶᠠᠨ ᠰᠤᠷᠭᠠᠭᠤᠯᠢ ᠶᠢᠨ ᠰᠤᠷᠭᠠᠨ ᠬᠥᠮᠦᠵᠢᠯ ᠤᠨ ︽ᠭᠤᠣᠯ ᠵᠢᠭᠰᠠᠭᠠᠯ ᠤᠨ ᠭᠠᠵᠠᠷ︾ ᠤᠨ ᠦᠢᠯᠡᠳᠦᠯ ᠢ ᠦᠷᠭᠦᠯᠵᠢᠯᠡᠨ ᠴᠢᠩᠭᠠᠳᠬᠠᠵᠤ᠂ ᠰᠤᠷᠭᠠᠭᠤᠯᠢ ᠶᠢᠨ ᠰᠤᠷᠭᠠᠨ ᠬᠥᠮᠦᠵᠢᠯ ᠤᠨ ᠰᠢᠯᠢᠳᠡᠭ ᠡᠬᠢ ᠪᠠᠶᠠᠯᠢᠭ ᠢ ᠭᠦᠢᠴᠡᠳ ᠪᠠᠳᠠᠷᠠᠭᠤᠯᠵᠤ ᠂ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠬᠢᠷᠢ ᠲᠦᠪᠰᠢᠨ ᠪᠠ ᠶᠠᠰᠤ ᠴᠢᠨᠠᠷ ᠢ ᠳᠡᠭᠡᠭᠰᠢᠯᠡᠭᠦᠯᠵᠦ᠂ ᠳᠠᠰᠬᠠᠯ ᠤᠨ ᠶᠠᠰᠤ ᠴᠢᠨᠠᠷ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠪᠠ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠰᠤᠷᠤᠭᠴᠢᠳ ᠢ ᠰᠤᠷᠭᠠᠭᠤᠯᠢ ᠳᠤ ᠰᠠᠶᠢᠲᠤᠷ ᠰᠤᠷᠤᠯᠴᠠᠭᠤᠯᠤᠨ᠎ᠠ᠃ ᠡᠭᠦᠨ ᠤ ᠬᠠᠮᠲᠤ ᠥᠷᠭᠡᠨ ᠣᠯᠠᠨ ᠬᠡᠷ ᠤᠨ ᠠᠬᠠᠮᠠᠳ ᠢ ᠬᠥᠲᠥᠯᠦᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨᠴᠢ ᠰᠤᠷᠭᠠᠨ ᠬᠥᠮᠦᠵᠢᠯ ᠤᠨ ᠦᠵᠡᠯᠲᠡ ᠶᠢ ᠪᠣᠶ ᠪᠣᠯᠭᠠᠵᠤ᠂ ᠵᠠᠭᠤᠴᠢᠯᠠᠭᠤᠷ ᠢᠶᠠᠷ ᠳᠠᠮᠵᠢᠭᠤᠯᠤᠨ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠤᠬᠠᠭᠤᠯᠵᠤ᠂ ᠪᠥᠬᠦ ᠨᠡᠶᠢᠭᠡᠮ ᠳᠤ ︽ᠬᠤᠶᠠᠷ ᠢ ᠬᠥᠩᠭᠡᠷᠡᠭᠦᠯᠬᠦ︾ ᠬᠠᠮᠲᠤ ᠶᠢᠨ ᠲᠠᠨᠢᠯᠲᠠ ᠶᠢ ᠪᠣᠶ ᠪᠣᠯᠭᠠᠵᠤ᠂ ᠬᠡᠷ ᠪᠦᠯᠢ ᠪᠠ ᠰᠤᠷᠭᠠᠭᠤᠯᠢ ᠨᠡᠶᠢᠭᠡᠮ ᠤᠨ ᠬᠠᠮᠲᠤ ᠪᠠᠷ ᠪᠤᠶᠢᠵᠢᠭᠤᠯᠬᠤ ᠰᠢᠨ᠎ᠡ ᠪᠠᠶᠢᠷᠢᠰᠢᠯ ᠢ ᠪᠣᠶ ᠪᠣᠯᠭᠠᠵᠤ᠂ ᠰᠤᠷᠤᠭᠴᠢᠳ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠰᠤᠷᠤᠭᠴᠢᠳ ᠢ ᠪᠥᠬᠦ ᠲᠠᠯ᠎ᠠ ᠪᠠᠷ ᠬᠥᠭᠵᠢᠭᠦᠯᠵᠦ᠂ ᠡᠷᠡᠭᠦᠯ ᠢᠶᠠᠷ ᠦᠰᠦᠨ ᠪᠤᠶᠢᠵᠢᠭᠤᠯᠤᠨ᠎ᠠ᠃
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号