| ︽ᠬᠤᠶᠠᠷ ᠢ ᠬᠥᠩᠭᠡᠷᠡᠭᠦᠯᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠤᠷᠭᠠᠭᠤᠯᠢ ᠶᠢᠨ | ᠳᠣᠲᠣᠨ᠎ᠠ ᠭᠠᠳᠠᠨᠠᠬᠢ ᠵᠠᠰᠠᠯᠲᠠ ᠶᠢᠨ ᠪᠦᠲᠦᠮᠵᠢ ᠶᠢ ᠪᠠᠬᠢᠵᠢᠭᠦᠯᠬᠦ ᠶᠢᠨ ᠲᠥᠯᠥᠭᠡ᠂ ᠰᠢᠶᠠᠨ ᠤ ᠰᠤᠷᠭᠠᠨ | ᠬᠥᠮᠦᠵᠢᠯ ᠤᠨ ᠲᠣᠪᠴᠢᠶ᠎ᠠ ︽︿ᠬᠤᠶᠠᠷ ᠢ ᠬᠥᠩᠭᠡᠷᠡᠭᠦᠯᠬᠦ﹀ ᠪᠦᠲᠦᠮᠵᠢ ᠶᠢ ᠪᠠᠬᠢᠵᠢᠭᠦᠯᠬᠦ ᠵᠠᠭᠤᠨ ᠡᠳᠦᠷ ᠤᠨ | ᠪᠣᠭᠤᠮᠲᠠ ᠰᠢᠪᠲᠤᠯᠬᠤ ᠠᠵᠢᠯᠯᠠᠭ᠎ᠠ︾ ᠶᠢ ᠨᠠᠷᠢᠨ ᠬᠢᠨᠠᠮᠠᠭᠠᠶ ᠥᠷᠨᠢᠭᠦᠯᠪᠡ᠃ ︽ᠨᠢᠩᠴᠧᠩ ᠰᠢᠶᠠᠨ ᠤ | ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠶᠢᠨ ᠵᠠᠰᠠᠯᠲᠠ ᠶᠢ ᠭᠦᠨᠵᠡᠭᠡᠶᠢᠷᠡᠭᠦᠯᠬᠦ ᠲᠤᠰᠬᠠᠶ | ᠴᠡᠭᠴᠡᠯᠡᠨ ᠵᠠᠰᠠᠬᠤ ᠠᠵᠢᠯᠯᠠᠭ᠎ᠠ ᠶᠢᠨ ᠲᠥᠰᠦᠯ︾᠂ ︽ᠵᠣᠨ ᠤ ᠠᠮᠠᠷᠠᠯᠲᠠ ᠶᠢᠨ ᠬᠤᠭᠤᠴᠠᠭᠠᠨ ᠤ ᠰᠤᠷᠭᠠᠭᠤᠯᠢ ᠶᠢᠨ | ᠭᠠᠳᠠᠨᠠᠬᠢ ᠪᠤᠯᠪᠠᠰᠤᠷᠠᠯ ᠤᠨ ᠵᠠᠰᠠᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠵᠡᠷᠭᠡ ᠪᠢᠴᠢᠭ | ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ 2 ᠤᠳᠠᠭ᠎ᠠ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ | ᠵᠠᠰᠠᠯᠲᠠ ᠶᠢᠨ ᠠᠵᠢᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ 3 ᠤᠳᠠᠭ᠎ᠠ ᠬᠠᠮᠲᠤᠷᠠᠨ | ᠪᠠᠶᠢᠴᠠᠭᠠᠵᠤ᠂ ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠲᠡ 58 ᠤᠳᠠᠭ᠎ᠠ ᠬᠥᠳᠡᠯᠭᠡᠵᠦ᠂ 4 ᠠᠰᠠᠭᠤᠳᠠᠯ ᠢ | ᠢᠯᠡᠷᠡᠭᠦᠯᠵᠦ ᠨᠢᠭᠡᠨᠲᠡ ᠴᠡᠭᠴᠡᠯᠡᠨ ᠰᠠᠶᠢᠵᠢᠷᠠᠭᠤᠯᠵᠤ᠂ ᠡᠯ᠎ᠡ ᠲᠥᠷᠥᠯ ᠤᠨ ᠪᠤᠯᠪᠠᠰᠤᠷᠠᠯ ᠤᠨ ᠪᠠᠶᠢᠭᠤᠯᠤᠮᠵᠢ᠂ | ᠺᠣᠮᠫᠠᠨᠢ ᠳᠤ ︽ᠵᠠᠷᠯᠢᠭᠳᠠᠨ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ︾ ᠢ 9 ᠬᠤᠪᠢ ᠪᠠᠭᠤᠯᠭᠠᠵᠤ᠂ 4 | ᠪᠠᠶᠢᠭᠤᠯᠤᠮᠵᠢ ᠶᠢᠨ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠵᠤ᠂ ᠲᠣᠭᠲᠠᠭᠠᠯ ᠠᠴᠠ ᠵᠥᠷᠢᠴᠡᠭᠰᠡᠨ | ᠪᠤᠯᠪᠠᠰᠤᠷᠠᠯ ᠤᠨ ᠫᠠᠶᠢᠰᠠ ᠢᠯᠡᠷᠬᠡᠶᠢᠯᠡᠯ ᠢ 6 ᠪᠠᠭᠤᠯᠭᠠᠪᠠ᠃ ᠳᠠᠷᠠᠭᠠᠴᠢ ᠶᠢᠨ ᠠᠯᠬᠤᠮ ᠳᠤ᠂ ᠨᠢᠩᠴᠧᠩ ᠰᠢᠶᠠᠨ | ᠰᠤᠷᠭᠠᠭᠤᠯᠢ ᠶᠢᠨ ᠰᠤᠷᠭᠠᠨ ᠬᠥᠮᠦᠵᠢᠯ ᠤᠨ ︽ᠭᠤᠣᠯ ᠵᠢᠭᠰᠠᠭᠠᠯ ᠤᠨ ᠭᠠᠵᠠᠷ︾ ᠤᠨ ᠦᠢᠯᠡᠳᠦᠯ ᠢ ᠦᠷᠭᠦᠯᠵᠢᠯᠡᠨ | ᠴᠢᠩᠭᠠᠳᠬᠠᠵᠤ᠂ ᠰᠤᠷᠭᠠᠭᠤᠯᠢ ᠶᠢᠨ ᠰᠤᠷᠭᠠᠨ ᠬᠥᠮᠦᠵᠢᠯ ᠤᠨ ᠰᠢᠯᠢᠳᠡᠭ ᠡᠬᠢ ᠪᠠᠶᠠᠯᠢᠭ ᠢ ᠭᠦᠢᠴᠡᠳ ᠪᠠᠳᠠᠷᠠᠭᠤᠯᠵᠤ | ᠂ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠬᠢᠷᠢ ᠲᠦᠪᠰᠢᠨ ᠪᠠ ᠶᠠᠰᠤ ᠴᠢᠨᠠᠷ ᠢ ᠳᠡᠭᠡᠭᠰᠢᠯᠡᠭᠦᠯᠵᠦ᠂ ᠳᠠᠰᠬᠠᠯ ᠤᠨ | ᠶᠠᠰᠤ ᠴᠢᠨᠠᠷ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠪᠠ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ | ᠶᠠᠰᠤ ᠴᠢᠨᠠᠷ ᠢ ᠳᠡᠭᠡᠭᠰᠢᠯᠡᠭᠦᠯᠵᠦ᠂ ᠰᠤᠷᠤᠭᠴᠢᠳ ᠢ ᠰᠤᠷᠭᠠᠭᠤᠯᠢ ᠳᠤ ᠰᠠᠶᠢᠲᠤᠷ ᠰᠤᠷᠤᠯᠴᠠᠭᠤᠯᠤᠨ᠎ᠠ᠃ ᠡᠭᠦᠨ ᠤ | ᠬᠠᠮᠲᠤ ᠥᠷᠭᠡᠨ ᠣᠯᠠᠨ ᠬᠡᠷ ᠤᠨ ᠠᠬᠠᠮᠠᠳ ᠢ ᠬᠥᠲᠥᠯᠦᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨᠴᠢ | ᠰᠤᠷᠭᠠᠨ ᠬᠥᠮᠦᠵᠢᠯ ᠤᠨ ᠦᠵᠡᠯᠲᠡ ᠶᠢ ᠪᠣᠶ ᠪᠣᠯᠭᠠᠵᠤ᠂ ᠵᠠᠭᠤᠴᠢᠯᠠᠭᠤᠷ ᠢᠶᠠᠷ ᠳᠠᠮᠵᠢᠭᠤᠯᠤᠨ ᠰᠤᠷᠭᠠᠭᠤᠯᠢ ᠶᠢᠨ | ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠬᠦ ᠶᠢᠨ ᠴᠢᠬᠤᠯᠠ | ᠠᠴᠢ ᠬᠤᠯᠪᠣᠭᠳᠠᠯ ᠢ ᠤᠬᠠᠭᠤᠯᠵᠤ᠂ ᠪᠥᠬᠦ ᠨᠡᠶᠢᠭᠡᠮ ᠳᠤ ︽ᠬᠤᠶᠠᠷ ᠢ ᠬᠥᠩᠭᠡᠷᠡᠭᠦᠯᠬᠦ︾ ᠬᠠᠮᠲᠤ ᠶᠢᠨ ᠲᠠᠨᠢᠯᠲᠠ ᠶᠢ | ᠪᠣᠶ ᠪᠣᠯᠭᠠᠵᠤ᠂ ᠬᠡᠷ ᠪᠦᠯᠢ ᠪᠠ ᠰᠤᠷᠭᠠᠭᠤᠯᠢ ᠨᠡᠶᠢᠭᠡᠮ ᠤᠨ ᠬᠠᠮᠲᠤ ᠪᠠᠷ ᠪᠤᠶᠢᠵᠢᠭᠤᠯᠬᠤ ᠰᠢᠨ᠎ᠡ ᠪᠠᠶᠢᠷᠢᠰᠢᠯ ᠢ ᠪᠣᠶ | ᠪᠣᠯᠭᠠᠵᠤ᠂ ᠰᠤᠷᠤᠭᠴᠢᠳ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠰᠤᠷᠤᠭᠴᠢᠳ ᠢ ᠪᠥᠬᠦ ᠲᠠᠯ᠎ᠠ ᠪᠠᠷ | ᠬᠥᠭᠵᠢᠭᠦᠯᠵᠦ᠂ ᠡᠷᠡᠭᠦᠯ ᠢᠶᠠᠷ ᠦᠰᠦᠨ ᠪᠤᠶᠢᠵᠢᠭᠤᠯᠤᠨ᠎ᠠ᠃ |