ᠨᠢᠩᠴᠧᠩ ᠰᠢᠶᠠᠨ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ  ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠬᠦᠯᠦᠨ᠎ᠡ
ᠨᠡᠶᠢᠲᠡᠯᠡᠭᠰᠡᠨ ᠴᠠᠭ᠄
2024/8/20
    ᠨᠢᠭᠡ ᠳᠤ ᠵᠥᠷᠢᠴᠡᠯ ᠵᠢᠭᠤᠷᠠᠯᠳᠤᠭᠠᠨ ᠤ ᠭᠤᠣᠯ ᠴᠣᠭᠴᠠ ᠣᠯᠠᠨ ᠡᠰᠢᠵᠢᠭᠰᠡᠨ᠂ ᠲᠥᠷᠥᠯ ᠬᠡᠯᠪᠡᠷᠢ ᠣᠯᠠᠨ ᠶᠠᠩᠵᠤᠯᠠᠬᠰᠠᠨ᠂ ᠠᠭᠤᠯᠭ᠎ᠠ ᠪᠤᠳᠤᠯᠢᠶᠠᠨᠲᠠᠶ ᠵᠡᠷᠭᠡ ᠰᠢᠨ᠎ᠡ ᠣᠨᠴᠠᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠡᠶᠡᠳᠡᠭᠦᠯᠭᠡ᠂ ᠵᠠᠰᠠᠭ ᠵᠠᠬᠢᠷᠭᠠᠨ ᠤ ᠡᠶᠡᠳᠡᠭᠦᠯᠭᠡ᠂ ᠬᠠᠤᠯᠢ ᠴᠠᠭᠠᠵᠠ ᠶᠢᠨ ᠡᠶᠡᠳᠡᠭᠦᠯᠭᠡ ᠶᠢᠨ ︽ᠭᠤᠷᠪᠠ ᠶᠢ ᠡᠶᠡᠳᠡᠭᠦᠯᠬᠦ︾ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠠᠵᠢᠯ ᠤᠨ ᠨᠡᠶᠢᠯᠡᠮᠡᠯ ᠬᠦᠴᠦᠨ ᠢ ᠴᠢᠩᠭᠠᠷᠠᠭᠤᠯᠵᠤ᠂ ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠶᠡᠭᠡ ᠡᠶᠡᠳᠡᠭᠦᠯᠭᠡ ᠶᠢᠨ ᠠᠵᠢᠯ ᠤᠨ ᠪᠠᠶᠢᠷᠢᠰᠢᠯ ᠢ ᠪᠤᠢ ᠪᠣᠯᠭᠠᠬᠤ ᠶᠢ ᠠᠬᠢᠭᠤᠯᠤᠨ᠎ᠠ᠃   ᠬᠤᠶᠠᠷ ᠲᠤ᠂ ᠡᠯ᠎ᠡ ᠪᠠᠯᠭᠠᠰᠤ ᠰᠢᠶᠠᠩ ᠵᠡᠭᠡᠯᠢ ᠭᠤᠳᠤᠮᠵᠢ ᠶᠢᠨ ᠬᠠᠤᠯᠢ ᠴᠠᠭᠠᠵᠠ ᠶᠢᠨ ᠭᠠᠵᠠᠷ ᠪᠣᠯᠤᠨ ᠡᠯ᠎ᠡ ᠱᠠᠲᠤᠨ ᠤ ᠠᠷᠠᠳ ᠤᠨ ᠡᠶᠡᠳᠡᠭᠦᠯᠬᠦ ᠵᠣᠬᠢᠶᠠᠨ ᠪᠠᠶᠢᠭᠤᠯᠤᠯᠲᠠ ︽ᠤᠷᠢᠳᠴᠢᠯᠠᠨ ᠰᠡᠷᠭᠡᠶᠢᠯᠡᠬᠦ ᠨᠢ ᠵᠢᠭᠰᠠᠭᠠᠨ ᠪᠠᠶᠢᠴᠠᠭᠠᠬᠤ ᠶᠢᠨ ᠡᠮᠦᠨ᠎ᠡ᠂ ᠵᠢᠭᠰᠠᠭᠠᠨ ᠪᠠᠶᠢᠴᠠᠭᠠᠬᠤ ᠨᠢ ᠡᠶᠡᠳᠡᠭᠦᠯᠭᠡ ᠶᠢᠨ ᠡᠮᠤᠨ᠎ᠡ᠂ ᠡᠶᠡᠳᠡᠭᠦᠯᠭᠡ ᠨᠢ  ᠵᠦᠷᠢᠴᠡᠯ ᠬᠤᠷᠴᠠᠳᠬᠤ ᠠᠴᠠ ᠡᠮᠦᠨ᠎ᠡ︾ ᠠᠵᠢᠯ ᠤᠨ ᠣᠶᠢᠯᠠᠭᠠᠭᠳᠠᠬᠤᠨ ᠢ ᠪᠠᠷᠢᠮᠲᠠᠯᠠᠵᠤ᠂ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠪᠠ ᠲᠤᠰᠬᠠᠶ ᠵᠢᠭᠰᠠᠭᠠᠨ ᠪᠠᠶᠢᠴᠠᠭᠠᠬᠤ ᠶᠢ ᠪᠦᠲᠦᠮᠵᠢᠲᠡᠶ ᠤᠶᠠᠯᠳᠤᠭᠤᠯᠵᠤ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠠᠵᠢᠯ ᠢ ᠭᠦᠨᠵᠡᠭᠡᠶ ᠥᠷᠨᠢᠭᠦᠯᠵᠦ᠂ ᠢᠯᠠᠩᠭᠤᠶ᠎ᠠ ᠡᠷᠡᠭᠦᠦ ᠶᠢᠨ ᠬᠤᠭᠤᠴᠠᠭ᠎ᠠ ᠨᠢ ᠳᠦᠭᠦᠷᠴᠦ ᠰᠤᠯᠠᠯᠠᠭᠰᠠᠳ᠂ ᠬᠦᠨᠳᠦ ᠨᠣᠴᠢᠲᠠᠶ ᠣᠶᠤᠨ ᠮᠡᠳᠡᠷᠡᠯ ᠤᠨ ᠰᠠᠭᠠᠳ ᠲᠠᠢ ᠡᠪᠡᠳᠴᠢᠲᠡᠨ ᠂ ︽ᠭᠤᠷᠪᠠᠨ ᠠᠯᠳᠠᠬᠰᠠᠨ ᠨᠢᠭᠡ ᠵᠦᠷᠢᠭᠦᠦ︾ ᠵᠡᠷᠭᠡ ᠭᠤᠷᠪᠠᠨ ᠲᠥᠷᠥᠯ ᠤᠨ ᠭᠤᠤᠯᠳᠠᠯᠭ᠎ᠠ ᠲᠠᠢ ᠬᠥᠮᠦᠰ ᠪᠠ ᠡᠯ᠎ᠡ ᠲᠥᠷᠥᠯ ᠤᠨ ᠬᠦᠨᠳᠦ ᠶᠡᠭᠡ ᠲᠣᠭᠲᠠᠭᠤᠨ ᠪᠤᠰᠤ ᠠᠰᠠᠭᠤᠳᠠᠯ ᠵᠢᠴᠢ ᠬᠡᠮ ᠰᠣᠭᠤᠭ ᠢ ᠦᠷᠭᠦᠯᠵᠢᠯᠡᠨ ᠵᠢᠭᠰᠠᠭᠠᠨ ᠪᠠᠶᠢᠴᠠᠭᠠᠬᠤ ᠶᠢᠨ ᠬᠠᠮᠲᠤ ᠬᠡᠷᠡᠭ ᠤᠨ ᠠᠬᠢᠴᠠ ᠶᠢ ᠮᠥᠷᠳᠡᠵᠦ᠂ ᠵᠢᠭᠰᠠᠭᠠᠨ ᠪᠠᠶᠢᠴᠠᠭᠠᠬᠤ ᠶᠢ ᠴᠢᠩᠭᠠᠷᠠᠭᠤᠯᠤᠨ᠂ ᠵᠢᠭᠰᠠᠭᠠᠨ ᠪᠠᠶᠢᠴᠠᠭᠠᠬᠤ ᠶᠢ ᠨᠡᠶᠢᠳᠡᠮ ᠪᠦᠷᠬᠦᠭᠦᠯᠵᠦ᠂ ᠪᠠᠯᠠᠶ ᠣᠷᠣᠨ ᠥᠬᠡᠶ ᠪᠠᠶᠢᠬᠤ ᠶᠢ ᠦᠨᠡᠨᠬᠦ ᠪᠠᠲᠤᠯᠠᠪᠠ᠃   ᠭᠤᠷᠪᠠ ᠳᠤ᠂ ᠭᠤᠣᠯᠳᠠᠯᠭ᠎ᠠ ᠲᠠᠢ ᠬᠥᠮᠦᠰ ᠢ ᠬᠥᠳᠡᠯᠦᠩᠭᠦᠶ ᠪᠠᠷ ᠬᠠᠮᠢᠶᠠᠷᠤᠨ ᠡᠵᠡᠮᠳᠡᠬᠦ ᠪᠠ ᠱᠠᠲᠤ ᠬᠤᠪᠢᠶᠠᠨ ᠬᠠᠮᠢᠶᠠᠷᠬᠤ ᠶᠢ ᠳᠣᠪᠤᠶᠢᠯᠭᠠᠨ᠎ᠠ᠃ ᠪᠠᠶᠢᠴᠠᠭᠠᠵᠤ ᠢᠯᠡᠷᠡᠭᠦᠯᠦᠭᠰᠡᠨ ᠬᠡᠷ ᠪᠦᠯᠢ ᠶᠢᠨ ᠤᠷᠤᠭ ᠤᠨ ᠵᠢᠭᠤᠷᠠᠯᠳᠤᠭᠠᠨ᠂ ᠬᠥᠷᠰᠢ ᠵᠡᠷᠭᠡᠯᠡᠳᠡᠭᠡ ᠶᠢᠨ ᠵᠢᠭᠤᠷᠠᠯᠳᠤᠭᠠᠨ᠂ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ᠵᠢᠭᠤᠷᠠᠯᠳᠤᠭᠠᠨ᠂ ᠡᠮᠴᠢᠯᠡᠭᠡᠨ ᠤ ᠵᠢᠭᠤᠷᠠᠯᠳᠤᠭᠠᠨ᠂ ᠦᠢᠯᠡᠳᠪᠦᠷᠢᠯᠡᠯ ᠡᠵᠡᠩᠨᠡᠯᠲᠡ ᠶᠢᠨ ᠵᠢᠭᠤᠷᠠᠯᠳᠤᠭᠠᠨ᠂ ᠬᠤᠬᠢᠷᠠᠯ ᠢ ᠲᠥᠯᠥᠬᠦ ᠵᠢᠭᠤᠷᠠᠯᠳᠤᠭᠠᠨ ᠵᠡᠷᠭᠡ 18 ᠵᠦᠢᠯ ᠤᠨ ᠵᠥᠷᠢᠴᠡᠯ ᠵᠢᠭᠤᠷᠠᠯᠳᠤᠭᠠᠨ ᠢ ᠨᠢᠭᠡᠳ ᠨᠢᠭᠡ ᠪᠠᠷ ᠲᠥᠷᠥᠯ ᠬᠤᠪᠢᠶᠠᠨ ᠡᠬᠡ ᠲᠠᠩᠰᠠ ᠪᠠᠶᠢᠭᠤᠯᠵᠤ᠂ ᠱᠠᠲᠤ ᠬᠤᠪᠢᠶᠠᠨ ᠬᠠᠮᠢᠶᠠᠷᠬᠤ᠂ ᠱᠠᠲᠤ ᠬᠤᠪᠢᠶᠠᠨ ᠰᠡᠷᠡᠮᠵᠢᠯᠡᠭᠦᠯᠬᠦ ᠶᠢ ᠬᠡᠷᠡᠭᠵᠢᠭᠦᠯᠬᠦ ᠶᠢᠨ ᠬᠠᠮᠲᠤ ᠲᠣᠭᠲᠠᠭᠤᠨ ᠢᠶᠠᠷ ᠡᠵᠡᠮᠳᠡᠵᠦ ᠠᠷᠢᠯᠭᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠪᠠ᠃ ᠣᠳᠣᠬᠠᠨ ᠳᠤ᠂ ᠪᠦᠬᠦ ᠰᠢᠶᠠᠨ ᠤ ᠡᠯ᠎ᠡ ᠱᠠᠲᠤᠨ ᠤ ᠡᠯ᠎ᠡ ᠲᠦᠷᠦᠯ ᠤᠨ ᠠᠷᠠᠳ ᠤᠨ ᠡᠶᠡᠳᠡᠭᠦᠯᠬᠦ ᠵᠣᠬᠢᠶᠠᠨ ᠪᠠᠶᠢᠭᠤᠯᠤᠯᠲᠠ ᠡᠯ᠎ᠡ ᠲᠦᠷᠦᠯ ᠤᠨ ᠵᠥᠷᠢᠴᠡᠯ ᠵᠢᠭᠤᠷᠠᠯᠳᠤᠭᠠᠨ ᠢ ᠨᠡᠶᠢᠳᠡ 1480 ᠬᠤᠪᠢ ᠡᠶᠡᠳᠡᠭᠦᠯᠵᠦ᠂ ᠡᠶᠡᠳᠡᠭᠦᠯᠦᠭᠡᠳ ᠠᠮᠵᠢᠯᠲᠠ ᠣᠯᠤᠭᠰᠠᠨ ᠨᠣᠷᠮ᠎ᠠ ᠨᠢ 99.59% ᠬᠦᠷᠴᠡᠢ᠂ ᠡᠭᠦᠨ ᠳᠤ ᠪᠠᠯᠭᠠᠰᠤ ᠰᠢᠶᠠᠩ ᠤᠨ ᠪᠠᠯᠭᠠᠰᠤᠨ ᠤ ᠡᠶᠡᠳᠡᠭᠦᠯᠭᠡ ᠶᠢᠨ ᠵᠥᠪᠯᠡᠯ 388 ᠬᠤᠪᠢ᠂ ᠲᠣᠰᠬᠤᠨ ᠨᠡᠶᠢᠭᠡᠮ ᠲᠣᠭᠤᠷᠢᠭ ᠤᠨ ᠡᠶᠡᠳᠡᠭᠦᠯᠭᠡ ᠶᠢᠨ ᠵᠥᠪᠯᠡᠯ 213 ᠬᠤᠪᠢ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠪᠦᠯᠬᠦᠮ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠡᠶᠡᠳᠡᠭᠦᠯᠬᠦ ᠵᠥᠪᠯᠡᠯ 879 ᠬᠤᠪᠢ᠂ ᠠᠷᠠᠳ ᠤᠨ ᠡᠶᠡᠳᠡᠭᠦᠯᠭᠡ ᠶᠢᠨ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ︽ᠨᠢᠭᠡᠳᠦᠭᠡᠷ ᠰᠡᠷᠭᠡᠶᠢᠯᠡᠯᠲᠡ ᠶᠢᠨ ᠱᠤᠭᠤᠮ︾ ᠤᠨ ᠦᠢᠯᠡᠳᠦᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号