ᠨᠢᠩᠴᠧᠩ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ︽ᠬᠥᠬᠡ ᠬᠤᠶᠠᠭᠲᠤ︾ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠪᠦᠯᠬᠦᠮ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ ᠠᠵᠤ ᠠᠬᠤᠶᠢᠯᠠᠯ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠬᠦᠴᠢᠷ ᠠᠰᠠᠭᠤᠳᠠᠯ ᠢ ᠰᠢᠢᠳᠪᠤᠷᠢᠯᠡᠨ᠎ᠠ
ᠨᠡᠶᠢᠲᠡᠯᠡᠭᠰᠡᠨ ᠴᠠᠭ᠄
2024/8/20
    ᠨᠢᠩᠴᠧᠩ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠮᠵᠢ ᠲᠠᠰ ᠪᠠ ᠠᠵᠢᠯ ᠶᠠᠪᠤᠳᠠᠯ ᠭᠦᠢᠴᠡᠳᠭᠡᠬᠦ ᠥᠩᠭᠡᠷᠡᠯᠲᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠬᠦᠢᠴᠡᠳᠭᠡᠬᠦ ᠤᠳᠠᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠬᠠᠪᠰᠤᠷᠤᠨ ᠭᠦᠢᠴᠡᠳᠭᠡᠬᠦ ᠦᠢᠯᠡᠴᠢᠯᠡᠭᠡᠨ ᠤ ᠵᠠᠭᠪᠤᠷ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ︽ᠬᠥᠬᠡ ᠬᠤᠶᠠᠭᠲᠤ︾ ᠬᠠᠪᠰᠤᠷᠤᠨ ᠭᠦᠢᠴᠡᠳᠭᠡᠬᠦ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃ ᠣᠶᠢᠷ᠎ᠠ ᠳᠤ᠂ ᠨᠢᠩᠴᠧᠩ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠬᠠᠪᠰᠤᠷᠤᠨ ᠭᠦᠢᠴᠡᠳᠬᠡᠬᠦ ᠪᠦᠯᠬᠦᠮ ᠨᠢ ᠨᠢᠭᠡᠳᠦᠯᠲᠡᠶ ᠬᠥᠬᠡ ᠦᠩᠭᠡᠲᠡᠢ ᠬᠠᠪᠰᠤᠷᠤᠨ ᠭᠦᠢᠴᠡᠳᠬᠡᠬᠦ ᠬᠤᠪᠴᠠᠰᠤ ᠡᠮᠦᠰᠴᠡᠢ᠃  ᠦᠪᠡᠷᠮᠢᠴᠡ ᠴᠢᠨᠠᠷ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠭᠤᠣᠯ ᠰᠡᠳᠦᠪᠲᠦ ᠦᠢᠯᠡᠴᠢᠯᠡᠭᠡ ᠶᠢ ᠨᠡᠭᠡᠭᠡᠨ᠎ᠡ᠃ ᠠᠵᠤ ᠠᠬᠤᠶᠢᠯᠠᠯ ᠤᠨ ᠦᠢᠯᠡᠴᠢᠯᠡᠭᠡᠨ ᠤ ᠪᠥᠬᠦ ᠶᠠᠪᠤᠴᠠ ᠳᠤ ᠣᠷᠣᠯᠠᠨ ᠭᠦᠢᠴᠡᠳᠬᠡᠬᠦ ᠵᠡᠷᠭᠡ ᠤᠯᠠᠮᠵᠢᠯᠠᠯᠲᠤ ᠲᠥᠷᠥᠯ ᠵᠦᠶ᠋ᠯ ᠤᠨ ᠰᠠᠭᠤᠷᠢᠨ ᠳᠡᠭᠡᠷ᠎ᠡ᠂ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ︽ᠥᠪᠡᠰᠦᠪᠡᠨ ᠭᠦᠢᠴᠡᠳᠬᠡᠬᠦ︾᠂ ︽ᠪᠠᠷ᠎ᠠ ᠪᠣᠯᠵᠣ ᠭᠦᠢᠴᠡᠳᠬᠡᠬᠦ︾ ᠵᠡᠷᠭᠡ ᠭᠤᠤᠯ ᠰᠡᠳᠦᠪᠲᠦ ᠦᠢᠯᠡᠴᠢᠯᠡᠭᠡ ᠶᠢ ᠭᠠᠷᠭᠠᠵᠤ᠂ ᠠᠵᠢᠯ ᠶᠠᠪᠤᠳᠠᠯ ᠭᠦᠢᠴᠡᠳᠬᠡᠬᠦ ᠬᠥᠮᠦᠰ ᠢ ᠬᠠᠮᠤᠭ ᠤᠨ ᠶᠡᠭᠡ ᠬᠡᠮᠵᠢᠶ᠎ᠡ ᠪᠠᠷ ᠰᠠᠯᠭᠠᠨ ᠲᠣᠬᠢᠷᠠᠭᠤᠯᠵᠤ᠂ ᠭᠦᠢᠴᠡᠳᠬᠡᠬᠦ ᠴᠠᠭ ᠢ ᠪᠣᠭᠤᠨᠢᠰᠬᠠᠵᠤ᠂ ᠠᠵᠢᠯ ᠶᠠᠪᠤᠳᠠᠯ ᠭᠦᠢᠴᠡᠳᠬᠡᠬᠦ ᠬᠥᠮᠦᠰ ᠤᠨ ᠮᠥᠷᠯᠡᠨ ᠬᠦᠯᠢᠶᠡᠬᠦ᠂ ᠪᠠᠴᠢᠮ ᠭᠦᠢᠴᠡᠳᠬᠡᠬᠦ ᠬᠡᠷᠡᠭᠴᠡᠭᠡ ᠱᠠᠭᠠᠷᠳᠠᠯᠭ᠎ᠠ ᠵᠡᠷᠭᠡ ᠠᠴᠠ ᠪᠣᠯᠤᠭᠰᠠᠨ  ᠶᠠᠷᠰᠢᠭ ᠢ ᠨᠠᠮᠳᠠᠭᠤᠯᠪᠠ᠃    ᠵᠢᠭᠰᠠᠭᠠᠯ ᠤᠨ ᠭᠠᠵᠠᠷ ᠤᠨ ᠲᠤᠯᠭᠠᠭᠤᠷᠢᠯᠠᠯ ᠢ ᠬᠦᠴᠦᠷᠬᠡᠭᠵᠢᠭᠦᠯᠵᠦ᠂ ᠬᠠᠪᠰᠤᠷᠤᠨ ᠭᠦᠢᠴᠡᠳᠬᠡᠬᠦ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠬᠠᠮᠤᠭ ᠤᠨ ᠰᠢᠯᠢᠳᠡᠭ ᠦᠢᠯᠡᠴᠢᠯᠡᠭᠡᠨ ᠤ ᠣᠷᠴᠢᠨ ᠲᠣᠭᠤᠷᠢᠨ ᠢ ᠪᠤᠢ ᠪᠣᠯᠭᠠᠨ᠎ᠠ᠃ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠶᠡᠷᠦᠩᠬᠡᠶᠢᠯᠡᠨ ᠭᠦᠢᠴᠡᠳᠬᠡᠬᠦ ᠲᠢᠩᠬᠢᠮ ᠳᠤ᠂ ᠳᠣᠤᠷ᠎ᠠ ᠪᠠᠶᠢᠷᠢ ᠶᠢᠨ ᠦᠢᠯᠡᠴᠢᠯᠡᠭᠡᠨ ᠤ ᠴᠣᠩᠬᠤ᠂ ᠪᠥᠬᠦ ᠣᠷᠣᠨ ᠳᠤ ᠨᠡᠶᠢᠳᠡᠮ ᠭᠦᠢᠴᠡᠳᠭᠡᠬᠦ᠂ ᠮᠤᠵᠢ ᠠᠯᠤᠰᠯᠠᠨ ᠬᠤᠲᠠ ᠶᠢᠨ ᠬᠢᠵᠠᠭᠠᠷ ᠠᠯᠤᠰᠯᠠᠨ ᠨᠡᠶᠢᠳᠡᠮ ᠭᠦᠢᠴᠡᠳᠭᠡᠬᠦ ᠴᠣᠩᠬᠤ ᠪᠠ ᠣᠶᠤᠨᠴᠢ ᠬᠠᠪᠰᠤᠷᠤᠨ ᠭᠦᠢᠴᠡᠳᠭᠡᠬᠦ ᠲᠣᠭᠤᠷᠢᠭ ᠢ ᠳᠣᠭᠢᠷᠠᠭᠤᠯᠵᠤ᠂ ᠠᠵᠤ ᠠᠬᠤᠶᠢᠯᠠᠯ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠳᠤ ᠴᠠᠭ ᠠᠷᠪᠢᠯᠠᠬᠤ᠂ ᠬᠦᠴᠦᠨ ᠳᠤ ᠠᠷᠪᠢᠲᠠᠶ᠂ ᠨᠠᠩ ᠰᠠᠨᠠᠭ᠎ᠠ ᠠᠮᠤᠷ  ᠪᠣᠯᠭᠠᠪᠠ᠃ ︽ᠤᠴᠢᠷ ᠶᠠᠪᠤᠳᠠᠯ ᠢ ᠪᠦᠲᠦᠭᠡᠵᠦ ᠳᠡᠶᠢᠯᠬᠦ ᠥᠬᠡᠶ︾  ᠶᠢ ᠲᠤᠰᠬᠠᠬᠤ ᠴᠣᠩᠬᠤ᠂ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ︾ ᠶᠢᠨ ᠵᠠᠭᠠᠯᠳᠤᠯᠭ᠎ᠠ ᠶᠢᠨ ᠴᠣᠩᠬᠤ ᠭᠠᠷᠭᠠᠵᠤ᠂ ᠠᠰᠠᠭᠤᠳᠠᠯ ᠢ ᠬᠠᠷᠢᠭᠤ ᠲᠤᠰᠬᠠᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭᠲᠠᠶ ᠬᠠᠮᠤᠭ ᠤᠨ ᠰᠢᠯᠢᠳᠡᠭ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠪᠣᠶ ᠪᠣᠯᠭᠠᠨ᠎ᠠ᠃  ᠦᠢᠯᠡᠴᠢᠯᠡᠭᠡᠨ ᠤ ᠬᠡᠪ ᠵᠠᠭᠪᠤᠷ ᠢ ᠵᠢᠷᠤᠮᠵᠢᠭᠤᠯᠤᠨ᠎ᠠ᠃ ᠲᠥᠷᠥᠯ ᠵᠦᠢᠯᠴᠢᠯᠡᠭᠰᠡᠨ᠂ ᠨᠠᠷᠢᠨ ᠲᠠᠩᠰᠠᠴᠢᠯᠠᠭᠰᠠᠨ ᠦᠢᠯᠡᠴᠢᠯᠡᠭᠡᠨ ᠤ ᠵᠠᠭᠪᠤᠷ ᠢ ᠰᠤᠳᠤᠯᠤᠨ ᠲᠣᠭᠲᠠᠭᠠᠵᠤ᠂ ᠪᠣᠳᠠᠲᠤ ᠪᠠᠶᠢᠯᠳᠤᠭᠠᠨ ᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠵᠦᠢᠯᠡᠰ ᠲᠤ ᠬᠤᠯᠪᠣᠭᠳᠠᠬᠤ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠡᠮᠬᠢᠯᠡᠵᠦ᠂ ᠵᠦᠢᠯᠡᠰ ᠤᠨ ᠨᠠᠷᠢᠨ ᠲᠠᠩᠰᠠ᠂ ᠭᠦᠢᠴᠡᠳᠬᠡᠬᠦ ᠴᠤᠪᠤᠷᠠᠯ ᠪᠠ ᠦᠢᠯᠡᠴᠢᠯᠡᠭᠡᠨ ᠤ ᠵᠦᠭᠯᠡᠭᠦᠷ ᠢ ᠬᠤᠷᠢᠶᠠᠩᠭᠤᠶᠢᠯᠠᠨ᠂ ᠠᠳᠠᠯᠢ ᠪᠤᠰᠤ ᠬᠥᠮᠥᠰ ᠤᠨ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠬᠡᠷᠡᠭᠴᠡᠭᠡ ᠱᠠᠭᠠᠷᠳᠠᠯᠭ᠎ᠠ ᠶᠢ ᠡᠮᠬᠢᠯᠡᠨ ᠲᠥᠷᠥᠯ ᠬᠤᠪᠢᠶᠠᠵᠤ᠂ ᠠᠳᠠᠯᠢ ᠪᠤᠰᠤ ᠵᠦᠢᠯᠡᠰ ᠤᠨ ᠣᠯᠠᠨ ᠰᠠᠯᠠᠭ᠎ᠠ ᠮᠥᠴᠢᠷ ᠤᠨ ᠬᠠᠮᠵᠢᠯᠴᠠᠨ ᠦᠢᠯᠡᠴᠢᠯᠡᠬᠦ ᠲᠤᠷᠰᠢᠯᠭ᠎ᠠ ᠶᠢ ᠬᠤᠷᠠᠮᠳᠤᠭᠤᠯᠤᠨ᠂ ᠬᠠᠪᠰᠤᠷᠤᠨ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠲᠤᠰᠬᠠᠢ ᠮᠡᠷᠭᠡᠵᠢᠯ ᠤᠨ ᠴᠢᠨᠠᠷ ᠪᠠ ᠣᠨᠣᠪᠴᠢ ᠶᠢᠨ ᠬᠡᠮᠵᠢᠶ᠎ᠡ ᠶᠢ ᠬᠦᠴᠦᠲᠡᠶ ᠪᠠᠲᠤᠯᠠᠪᠠ᠃    ᠪᠦᠯᠬᠦᠮ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠪᠡ᠃ ︽ᠬᠥᠬᠡ ᠬᠤᠶᠠᠭᠲᠤ︾ ᠶᠢᠨ ᠬᠠᠪᠰᠤᠷᠤᠨ ᠭᠦᠢᠴᠡᠳᠬᠡᠬᠦ ᠲᠤᠰᠬᠠᠶ ᠰᠡᠳᠦᠪᠲᠦ ᠪᠣᠯᠪᠠᠰᠤᠷᠠᠭᠤᠯᠤᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠬᠡᠷᠡᠭ ᠢᠶᠠᠷ ᠰᠤᠷᠤᠯᠴᠠᠯᠭ᠎ᠠ ᠶᠢ ᠠᠬᠢᠭᠤᠯᠬᠤ ᠶᠢ ᠪᠠᠷᠢᠮᠲᠠᠯᠠᠨ᠂ ᠬᠡᠷᠡᠭ ᠤᠨ ᠵᠢᠱᠢᠶ᠎ᠡ ᠶᠢ ᠳᠡᠯᠭᠡᠷᠡᠭᠦᠯᠬᠦ᠂ ᠲᠤᠷᠰᠢᠯᠭ᠎ᠠ ᠶᠢ ᠬᠤᠪᠢᠶᠠᠯᠴᠠᠨ ᠡᠳ᠋ᠯᠡᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠬᠠᠪᠰᠤᠷᠤᠨ ᠭᠦᠢᠴᠡᠳᠭᠡᠭᠴᠢ ᠶᠢᠨ ᠶᠡᠷᠦᠩᠬᠡᠶᠢᠯᠡᠭᠰᠡᠨ ᠬᠡᠪ ᠪᠣᠯᠪᠠᠰᠤᠷᠠᠯ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠦᠢᠯᠡᠴᠢᠯᠡᠭᠡᠨ ᠤ ᠬᠢᠷᠢ ᠲᠦᠪᠰᠢᠨ ᠢ ᠬᠠᠮᠲᠤ ᠪᠠᠷ ᠳᠡᠭᠡᠭᠰᠢᠯᠡᠭᠦᠯᠵᠦ᠂ ᠪᠥᠬᠦ ᠰᠢᠨᠵᠢᠯᠡᠬᠦ ᠤᠬᠠᠭᠠᠨ ᠤ ᠬᠡᠯᠪᠡᠷᠢ ᠶᠢᠨ ᠦᠢᠯᠡᠴᠢᠯᠡᠭᠡᠨ ᠤ ᠵᠢᠱᠢᠶᠡᠴᠢ ᠶᠢ ᠪᠣᠶ ᠪᠣᠯᠭᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号