| | | | ᠨᠢᠭᠡ ᠳᠤ ᠵᠥᠷᠢᠴᠡᠯ ᠵᠢᠭᠤᠷᠠᠯᠳᠤᠭᠠᠨ ᠤ ᠭᠤᠣᠯ ᠴᠣᠭᠴᠠ ᠣᠯᠠᠨ ᠡᠰᠢᠵᠢᠭᠰᠡᠨ᠂ ᠲᠥᠷᠥᠯ ᠬᠡᠯᠪᠡᠷᠢ ᠣᠯᠠᠨ | ᠶᠠᠩᠵᠤᠯᠠᠬᠰᠠᠨ᠂ ᠠᠭᠤᠯᠭ᠎ᠠ ᠪᠤᠳᠤᠯᠢᠶᠠᠨᠲᠠᠶ ᠵᠡᠷᠭᠡ ᠰᠢᠨ᠎ᠡ ᠣᠨᠴᠠᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ | ᠠᠷᠠᠳ ᠤᠨ ᠡᠶᠡᠳᠡᠭᠦᠯᠭᠡ᠂ ᠵᠠᠰᠠᠭ ᠵᠠᠬᠢᠷᠭᠠᠨ ᠤ ᠡᠶᠡᠳᠡᠭᠦᠯᠭᠡ᠂ ᠬᠠᠤᠯᠢ ᠴᠠᠭᠠᠵᠠ ᠶᠢᠨ ᠡᠶᠡᠳᠡᠭᠦᠯᠭᠡ ᠶᠢᠨ ︽ | ᠭᠤᠷᠪᠠ ᠶᠢ ᠡᠶᠡᠳᠡᠭᠦᠯᠬᠦ︾ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠥᠷᠢᠴᠡᠯ | ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠠᠵᠢᠯ ᠤᠨ ᠨᠡᠶᠢᠯᠡᠮᠡᠯ ᠬᠦᠴᠦᠨ ᠢ ᠴᠢᠩᠭᠠᠷᠠᠭᠤᠯᠵᠤ᠂ | ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠶᠡᠭᠡ ᠡᠶᠡᠳᠡᠭᠦᠯᠭᠡ ᠶᠢᠨ ᠠᠵᠢᠯ ᠤᠨ ᠪᠠᠶᠢᠷᠢᠰᠢᠯ ᠢ | ᠪᠤᠢ ᠪᠣᠯᠭᠠᠬᠤ ᠶᠢ ᠠᠬᠢᠭᠤᠯᠤᠨ᠎ᠠ᠃ | ᠬᠤᠶᠠᠷ ᠲᠤ᠂ ᠡᠯ᠎ᠡ ᠪᠠᠯᠭᠠᠰᠤ ᠰᠢᠶᠠᠩ ᠵᠡᠭᠡᠯᠢ ᠭᠤᠳᠤᠮᠵᠢ ᠶᠢᠨ ᠬᠠᠤᠯᠢ ᠴᠠᠭᠠᠵᠠ ᠶᠢᠨ ᠭᠠᠵᠠᠷ ᠪᠣᠯᠤᠨ ᠡᠯ᠎ᠡ | ᠱᠠᠲᠤᠨ ᠤ ᠠᠷᠠᠳ ᠤᠨ ᠡᠶᠡᠳᠡᠭᠦᠯᠬᠦ ᠵᠣᠬᠢᠶᠠᠨ ᠪᠠᠶᠢᠭᠤᠯᠤᠯᠲᠠ ︽ᠤᠷᠢᠳᠴᠢᠯᠠᠨ ᠰᠡᠷᠭᠡᠶᠢᠯᠡᠬᠦ ᠨᠢ ᠵᠢᠭᠰᠠᠭᠠᠨ | ᠪᠠᠶᠢᠴᠠᠭᠠᠬᠤ ᠶᠢᠨ ᠡᠮᠦᠨ᠎ᠡ᠂ ᠵᠢᠭᠰᠠᠭᠠᠨ ᠪᠠᠶᠢᠴᠠᠭᠠᠬᠤ ᠨᠢ ᠡᠶᠡᠳᠡᠭᠦᠯᠭᠡ ᠶᠢᠨ ᠡᠮᠤᠨ᠎ᠡ᠂ ᠡᠶᠡᠳᠡᠭᠦᠯᠭᠡ ᠨᠢ ᠵᠦᠷᠢᠴᠡᠯ | ᠬᠤᠷᠴᠠᠳᠬᠤ ᠠᠴᠠ ᠡᠮᠦᠨ᠎ᠡ︾ ᠠᠵᠢᠯ ᠤᠨ ᠣᠶᠢᠯᠠᠭᠠᠭᠳᠠᠬᠤᠨ ᠢ ᠪᠠᠷᠢᠮᠲᠠᠯᠠᠵᠤ᠂ ᠪᠥᠬᠦ ᠲᠠᠯ᠎ᠠ ᠪᠠᠷ ᠵᠢᠭᠰᠠᠭᠠᠨ | ᠪᠠᠶᠢᠴᠠᠭᠠᠬᠤ ᠪᠠ ᠲᠤᠰᠬᠠᠶ ᠵᠢᠭᠰᠠᠭᠠᠨ ᠪᠠᠶᠢᠴᠠᠭᠠᠬᠤ ᠶᠢ ᠪᠦᠲᠦᠮᠵᠢᠲᠡᠶ ᠤᠶᠠᠯᠳᠤᠭᠤᠯᠵᠤ᠂ ᠵᠥᠷᠢᠴᠡᠯ | ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠠᠵᠢᠯ ᠢ ᠭᠦᠨᠵᠡᠭᠡᠶ ᠥᠷᠨᠢᠭᠦᠯᠵᠦ᠂ ᠢᠯᠠᠩᠭᠤᠶ᠎ᠠ ᠡᠷᠡᠭᠦᠦ ᠶᠢᠨ | ᠬᠤᠭᠤᠴᠠᠭ᠎ᠠ ᠨᠢ ᠳᠦᠭᠦᠷᠴᠦ ᠰᠤᠯᠠᠯᠠᠭᠰᠠᠳ᠂ ᠬᠦᠨᠳᠦ ᠨᠣᠴᠢᠲᠠᠶ ᠣᠶᠤᠨ ᠮᠡᠳᠡᠷᠡᠯ ᠤᠨ ᠰᠠᠭᠠᠳ ᠲᠠᠢ ᠡᠪᠡᠳᠴᠢᠲᠡᠨ | ᠂ ︽ᠭᠤᠷᠪᠠᠨ ᠠᠯᠳᠠᠬᠰᠠᠨ ᠨᠢᠭᠡ ᠵᠦᠷᠢᠭᠦᠦ︾ ᠵᠡᠷᠭᠡ ᠭᠤᠷᠪᠠᠨ ᠲᠥᠷᠥᠯ ᠤᠨ ᠭᠤᠤᠯᠳᠠᠯᠭ᠎ᠠ ᠲᠠᠢ ᠬᠥᠮᠦᠰ ᠪᠠ ᠡᠯ᠎ᠡ | ᠲᠥᠷᠥᠯ ᠤᠨ ᠬᠦᠨᠳᠦ ᠶᠡᠭᠡ ᠲᠣᠭᠲᠠᠭᠤᠨ ᠪᠤᠰᠤ ᠠᠰᠠᠭᠤᠳᠠᠯ ᠵᠢᠴᠢ ᠬᠡᠮ ᠰᠣᠭᠤᠭ ᠢ ᠦᠷᠭᠦᠯᠵᠢᠯᠡᠨ ᠵᠢᠭᠰᠠᠭᠠᠨ | ᠪᠠᠶᠢᠴᠠᠭᠠᠬᠤ ᠶᠢᠨ ᠬᠠᠮᠲᠤ ᠬᠡᠷᠡᠭ ᠤᠨ ᠠᠬᠢᠴᠠ ᠶᠢ ᠮᠥᠷᠳᠡᠵᠦ᠂ ᠵᠢᠭᠰᠠᠭᠠᠨ ᠪᠠᠶᠢᠴᠠᠭᠠᠬᠤ ᠶᠢ ᠴᠢᠩᠭᠠᠷᠠᠭᠤᠯᠤᠨ᠂ | ᠵᠢᠭᠰᠠᠭᠠᠨ ᠪᠠᠶᠢᠴᠠᠭᠠᠬᠤ ᠶᠢ ᠨᠡᠶᠢᠳᠡᠮ ᠪᠦᠷᠬᠦᠭᠦᠯᠵᠦ᠂ ᠪᠠᠯᠠᠶ ᠣᠷᠣᠨ ᠥᠬᠡᠶ ᠪᠠᠶᠢᠬᠤ ᠶᠢ ᠦᠨᠡᠨᠬᠦ ᠪᠠᠲᠤᠯᠠᠪᠠ᠃ | ᠭᠤᠷᠪᠠ ᠳᠤ᠂ ᠭᠤᠣᠯᠳᠠᠯᠭ᠎ᠠ ᠲᠠᠢ ᠬᠥᠮᠦᠰ ᠢ ᠬᠥᠳᠡᠯᠦᠩᠭᠦᠶ ᠪᠠᠷ ᠬᠠᠮᠢᠶᠠᠷᠤᠨ ᠡᠵᠡᠮᠳᠡᠬᠦ ᠪᠠ ᠱᠠᠲᠤ ᠬᠤᠪᠢᠶᠠᠨ | ᠬᠠᠮᠢᠶᠠᠷᠬᠤ ᠶᠢ ᠳᠣᠪᠤᠶᠢᠯᠭᠠᠨ᠎ᠠ᠃ ᠪᠠᠶᠢᠴᠠᠭᠠᠵᠤ ᠢᠯᠡᠷᠡᠭᠦᠯᠦᠭᠰᠡᠨ ᠬᠡᠷ ᠪᠦᠯᠢ ᠶᠢᠨ ᠤᠷᠤᠭ ᠤᠨ ᠵᠢᠭᠤᠷᠠᠯᠳᠤᠭᠠᠨ᠂ | ᠬᠥᠷᠰᠢ ᠵᠡᠷᠭᠡᠯᠡᠳᠡᠭᠡ ᠶᠢᠨ ᠵᠢᠭᠤᠷᠠᠯᠳᠤᠭᠠᠨ᠂ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ᠵᠢᠭᠤᠷᠠᠯᠳᠤᠭᠠᠨ᠂ | ᠡᠮᠴᠢᠯᠡᠭᠡᠨ ᠤ ᠵᠢᠭᠤᠷᠠᠯᠳᠤᠭᠠᠨ᠂ ᠦᠢᠯᠡᠳᠪᠦᠷᠢᠯᠡᠯ ᠡᠵᠡᠩᠨᠡᠯᠲᠡ ᠶᠢᠨ ᠵᠢᠭᠤᠷᠠᠯᠳᠤᠭᠠᠨ᠂ ᠬᠤᠬᠢᠷᠠᠯ ᠢ ᠲᠥᠯᠥᠬᠦ | ᠵᠢᠭᠤᠷᠠᠯᠳᠤᠭᠠᠨ ᠵᠡᠷᠭᠡ 18 ᠵᠦᠢᠯ ᠤᠨ ᠵᠥᠷᠢᠴᠡᠯ ᠵᠢᠭᠤᠷᠠᠯᠳᠤᠭᠠᠨ ᠢ ᠨᠢᠭᠡᠳ ᠨᠢᠭᠡ ᠪᠠᠷ ᠲᠥᠷᠥᠯ ᠬᠤᠪᠢᠶᠠᠨ ᠡᠬᠡ | ᠲᠠᠩᠰᠠ ᠪᠠᠶᠢᠭᠤᠯᠵᠤ᠂ ᠱᠠᠲᠤ ᠬᠤᠪᠢᠶᠠᠨ ᠬᠠᠮᠢᠶᠠᠷᠬᠤ᠂ ᠱᠠᠲᠤ ᠬᠤᠪᠢᠶᠠᠨ ᠰᠡᠷᠡᠮᠵᠢᠯᠡᠭᠦᠯᠬᠦ ᠶᠢ ᠬᠡᠷᠡᠭᠵᠢᠭᠦᠯᠬᠦ ᠶᠢᠨ | ᠬᠠᠮᠲᠤ ᠲᠣᠭᠲᠠᠭᠤᠨ ᠢᠶᠠᠷ ᠡᠵᠡᠮᠳᠡᠵᠦ ᠠᠷᠢᠯᠭᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠪᠠ᠃ | ᠣᠳᠣᠬᠠᠨ ᠳᠤ᠂ ᠪᠦᠬᠦ ᠰᠢᠶᠠᠨ ᠤ ᠡᠯ᠎ᠡ ᠱᠠᠲᠤᠨ ᠤ ᠡᠯ᠎ᠡ ᠲᠦᠷᠦᠯ ᠤᠨ ᠠᠷᠠᠳ ᠤᠨ ᠡᠶᠡᠳᠡᠭᠦᠯᠬᠦ ᠵᠣᠬᠢᠶᠠᠨ | ᠪᠠᠶᠢᠭᠤᠯᠤᠯᠲᠠ ᠡᠯ᠎ᠡ ᠲᠦᠷᠦᠯ ᠤᠨ ᠵᠥᠷᠢᠴᠡᠯ ᠵᠢᠭᠤᠷᠠᠯᠳᠤᠭᠠᠨ ᠢ ᠨᠡᠶᠢᠳᠡ 1480 ᠬᠤᠪᠢ ᠡᠶᠡᠳᠡᠭᠦᠯᠵᠦ᠂ | ᠡᠶᠡᠳᠡᠭᠦᠯᠦᠭᠡᠳ ᠠᠮᠵᠢᠯᠲᠠ ᠣᠯᠤᠭᠰᠠᠨ ᠨᠣᠷᠮ᠎ᠠ ᠨᠢ 99.59% ᠬᠦᠷᠴᠡᠢ᠂ ᠡᠭᠦᠨ ᠳᠤ ᠪᠠᠯᠭᠠᠰᠤ ᠰᠢᠶᠠᠩ ᠤᠨ | ᠪᠠᠯᠭᠠᠰᠤᠨ ᠤ ᠡᠶᠡᠳᠡᠭᠦᠯᠭᠡ ᠶᠢᠨ ᠵᠥᠪᠯᠡᠯ 388 ᠬᠤᠪᠢ᠂ ᠲᠣᠰᠬᠤᠨ ᠨᠡᠶᠢᠭᠡᠮ ᠲᠣᠭᠤᠷᠢᠭ ᠤᠨ ᠡᠶᠡᠳᠡᠭᠦᠯᠭᠡ ᠶᠢᠨ | ᠵᠥᠪᠯᠡᠯ 213 ᠬᠤᠪᠢ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠪᠦᠯᠬᠦᠮ ᠪᠠ ᠪᠤᠰᠤᠳ | ᠵᠣᠬᠢᠶᠠᠨ ᠪᠠᠶᠢᠭᠤᠯᠤᠯᠲᠠ ᠶᠢᠨ ᠡᠶᠡᠳᠡᠭᠦᠯᠬᠦ ᠵᠥᠪᠯᠡᠯ 879 ᠬᠤᠪᠢ᠂ ᠠᠷᠠᠳ ᠤᠨ ᠡᠶᠡᠳᠡᠭᠦᠯᠭᠡ ᠶᠢᠨ ᠨᠡᠶᠢᠭᠡᠮ ᠤᠨ | ᠲᠣᠭᠲᠠᠭᠤᠨ ᠪᠠᠶᠢᠳᠠᠯ ᠢ ᠬᠠᠮᠠᠭᠠᠯᠠᠬᠤ ︽ᠨᠢᠭᠡᠳᠦᠭᠡᠷ ᠰᠡᠷᠭᠡᠶᠢᠯᠡᠯᠲᠡ ᠶᠢᠨ ᠱᠤᠭᠤᠮ︾ ᠤᠨ ᠦᠢᠯᠡᠳᠦᠯ ᠢ ᠬᠠᠮᠤᠭ ᠤᠨ | ᠶᠡᠭᠡ ᠬᠡᠮᠵᠢᠶ᠎ᠡ ᠪᠠᠷ ᠪᠠᠳᠠᠷᠠᠭᠤᠯᠪᠠ᠃ | |