| ᠤᠶᠢᠷ᠎ᠠ ᠳᠤ᠂ ᠪᠡᠭᠡᠵᠢᠩ ᠬᠤᠲᠠ ᠶᠢᠨ ᠱᠢ ᠵᠢᠩ ᠱᠠᠨ ᠲᠣᠭᠤᠷᠢᠭ ᠤᠨ ᠲᠤᠰᠠᠯᠠᠨ ᠬᠦᠷᠭᠡᠬᠦ ᠶᠠᠪᠤᠳᠠᠯ ᠤᠨ | ᠬᠠᠮᠢᠶᠠᠷᠤᠯᠲᠠ ᠶᠢᠨ ᠲᠥᠪ ᠨᠢ ᠨᠢᠩᠴᠧᠩ ᠰᠢᠶᠠᠨ ᠤ ᠨᠢᠬᠦᠯᠡᠰᠦᠩᠬᠦᠢ ᠶᠢᠨ ᠶᠡᠷᠤᠩᠬᠡᠢ ᠡᠪᠯᠡᠯ ᠤᠨ ᠨᠠᠷᠢᠨ | ᠪᠢᠴᠢᠭ ᠤᠨ ᠭᠠᠵᠠᠷ ᠲᠠᠢ ᠬᠠᠮᠲᠤᠷᠠᠨ ᠥᠷᠨᠢᠭᠦᠯᠦᠭᠰᠡᠨ ︽ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ— | ᠬᠦᠰᠡᠯ ᠵᠡᠭᠦᠳᠦ ᠪᠠᠨ ᠲᠡᠷᠭᠡᠯᠰᠢᠭᠦᠯᠵᠦ ᠰᠤᠷᠤᠯᠭ᠎ᠠ ᠶᠢ ᠲᠡᠳᠬᠦᠬᠦ︾ ᠠᠵᠢᠯᠯᠠᠭ᠎ᠠ ᠶᠢ ᠵᠢᠩᠬᠢᠨᠢ ᠪᠠᠷ ᠡᠬᠢᠯᠡᠭᠦᠯᠵᠦ᠂ | ᠠᠵᠢᠯᠯᠠᠭ᠎ᠠ ᠶᠢᠨ ᠵᠣᠷᠢᠯᠭ᠎ᠠ ᠨᠢ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠢᠭ᠎ᠠ ᠡᠷᠦᠬᠡ᠂ ᠶᠠᠳᠠᠭᠤ ᠠᠴᠠ | ᠠᠩᠬᠢᠵᠢᠷᠠᠬᠰᠠᠨ ᠲᠣᠭᠲᠠᠭᠤᠨ ᠪᠤᠰᠤ ᠡᠷᠦᠬᠡ᠂ ᠶᠠᠳᠠᠭᠤᠷᠠᠬᠤ ᠠᠶᠤᠯ ᠲᠠᠢ ᠡᠷᠦᠬᠡ᠂ ᠭᠡᠨᠡᠳᠲᠡ ᠶᠢᠨ ᠤᠴᠢᠷ ᠠᠴᠠ | ᠶᠠᠳᠠᠭᠤᠷᠠᠬᠰᠠᠨ ᠡᠷᠦᠬᠡ ᠶᠢᠨ ᠭᠡᠷ ᠪᠦᠯᠢ ᠶᠢᠨ ᠰᠤᠷᠤᠯᠭ᠎ᠠ ᠮᠤᠷᠠᠯ ᠬᠤᠣᠰᠯᠠᠬᠰᠠᠨ ᠥᠨᠳᠥᠷ ᠳᠤᠮᠳᠠᠳᠤ ᠶᠢᠨ | ᠰᠤᠷᠤᠭᠴᠢ᠂ ᠶᠡᠭᠡ ᠰᠤᠷᠭᠠᠭᠤᠯᠢ ᠶᠢᠨ ᠰᠤᠷᠤᠭᠴᠢ ᠶᠢ ᠬᠠᠪᠰᠤᠷᠴᠤ᠂ ᠰᠤᠷᠤᠯᠭ᠎ᠠ ᠶᠢᠨ ᠠᠵᠤ ᠠᠬᠤᠢ ᠶᠢᠨ | ᠲᠠᠷᠤᠭᠠᠰᠦ ᠶᠢ ᠨᠢ ᠬᠥᠩᠭᠡᠷᠡᠭᠦᠯᠪᠡ᠃ ᠲᠤᠰ ᠠᠵᠢᠯᠯᠠᠭ᠎ᠠ ᠳᠤ 20 ᠲᠦᠮᠡᠨ ᠲᠥᠭᠦᠷᠢᠭ ᠤᠨ ᠨᠢᠭᠦᠯᠡᠰᠦᠩᠭᠦᠶ ᠶᠢᠨ | ᠪᠡᠯᠡ ᠮᠥᠩᠭᠦ ᠬᠠᠨᠳᠢᠪᠯᠠᠵᠤ᠂ 50 ᠶᠠᠳᠠᠭᠤ ᠬᠦᠴᠢᠷᠳᠡᠯᠲᠡᠶ ᠥᠨᠳᠥᠷ ᠳᠤᠮᠳᠠᠳᠤ ᠰᠤᠷᠭᠠᠭᠤᠯᠢ ᠶᠢᠨ ᠰᠤᠷᠤᠭᠴᠢ ᠪᠠ | ᠤᠶᠤᠲᠠᠳ ᠢ ᠲᠤᠰᠠᠯᠠᠵᠤ᠂ ᠬᠥᠮᠦᠨ ᠪᠦᠷᠢ 4000 ᠲᠥᠭᠦᠷᠢᠭ ᠤᠨ ᠨᠢᠭᠦᠯᠡᠰᠦᠩᠭᠦᠶ ᠶᠢᠨ ᠰᠤᠷᠤᠯᠭ᠎ᠠ ᠶᠢᠨ | ᠲᠡᠳᠬᠦᠮᠵᠢ ᠶᠢᠨ ᠮᠥᠩᠭᠦ ᠬᠦᠷᠲᠡᠭᠡᠪᠡ᠃ ︽ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ— ᠬᠦᠰᠡᠯ | ᠵᠡᠭᠦᠳᠦ ᠪᠠᠨ ᠲᠡᠷᠭᠡᠯᠰᠢᠭᠦᠯᠵᠦ ᠰᠤᠷᠤᠯᠭ᠎ᠠ ᠶᠢ ᠲᠡᠳᠬᠦᠬᠦ︾ ᠨᠢᠬᠦᠯᠡᠰᠦᠩᠬᠦᠢ ᠠᠵᠢᠯᠯᠠᠭ᠎ᠠ ᠨᠢ ᠨᠢᠩᠴᠧᠩ ᠰᠢᠶᠠᠨ ᠤ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠲᠡᠶ ᠪᠠᠲᠤᠯᠠᠭ᠎ᠠ ᠬᠠᠩᠭᠠᠪᠠ᠃ |