| ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠡᠮᠬᠢ ᠳᠢᠭᠯᠢᠮ ᠢ ᠵᠢᠷᠤᠮᠵᠢᠭᠤᠯᠵᠤ᠂ | ᠵᠢᠭᠤᠯᠴᠢᠯᠠᠯ ᠤᠨ ᠬᠡᠷᠡᠭᠯᠡᠭᠡᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠵᠤ᠂ ᠬᠡᠷᠡᠭᠯᠡᠭᠴᠢᠳ ᠤᠨ | ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ᠂ ᠣᠶᠢᠷ᠎ᠠ ᠳᠤ᠂ ᠨᠢᠩᠴᠧᠩ ᠰᠢᠶᠠᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠭᠤᠯᠴᠢᠯᠠᠯ ᠤᠨ ᠦᠵᠡᠮᠵᠢ ᠶᠢᠨ ᠣᠷᠣᠨ ᠤ ᠦᠨ᠎ᠡ | ᠬᠠᠩᠰᠢ ᠶᠢᠨ ᠲᠤᠰᠬᠠᠶ ᠪᠠᠶᠢᠴᠠᠭᠠᠯᠲᠠ ᠶᠢᠨ ᠠᠵᠢᠯ ᠥᠷᠨᠢᠭᠦᠯᠪᠡ᠃ ᠬᠠᠤᠯᠢ ᠬᠡᠷᠡᠭᠵᠢᠭᠦᠯᠬᠦ ᠠᠵᠢᠯᠲᠠᠨ ᠽᠢ ᠮᠧᠩ ᠬᠤ᠋ | ᠳ᠋ᠤᠤ ᠰᠢᠤᠢ ᠭᠸᠤ ᠶᠢᠨ ᠦᠵᠡᠮᠵᠢ ᠶᠢᠨ ᠣᠷᠣᠨ᠂ ᠷᠠᠰᠢᠶᠠᠨ ᠤ ᠠᠮᠠᠷᠠᠯᠲᠠ ᠶᠢᠨ ᠪᠠᠭᠤᠳᠠᠯ ᠵᠢᠴᠢ ᠡᠷᠬᠢᠨ ᠲᠣᠭᠤᠷᠢᠨ ᠤ | ᠵᠣᠴᠢᠳ ᠤᠨ ᠪᠠᠭᠤᠳᠠᠯ᠂ ᠢᠳᠡᠭᠡᠨ ᠤᠮᠳᠠᠭᠠᠨ ᠤ ᠪᠠᠭᠤᠳᠠᠯ᠂ ᠬᠤᠳᠠᠯᠳᠤᠭᠠᠨ ᠤ ᠬᠡᠲᠦ ᠳᠡᠯᠭᠡᠭᠦᠷ ᠵᠡᠷᠭᠡ ᠲᠠᠯᠠᠪᠤᠷ | ᠭᠠᠵᠠᠷ ᠲᠤ ᠲᠣᠭᠤᠷᠢᠨ ᠪᠠᠶᠢᠴᠠᠭᠠᠯᠲᠠ ᠬᠢᠵᠦ᠂ ᠡᠵᠡᠩᠨᠡᠯᠲᠡ ᠶᠢᠨ ᠭᠤᠤᠯ ᠴᠣᠭᠴᠠ ᠳᠤ ᠲᠣᠭᠲᠠᠭᠠᠯ ᠶᠣᠰᠣᠭᠠᠷ | ᠦᠨ᠎ᠡ ᠬᠠᠩᠰᠢ ᠶᠢ ᠢᠯᠡ ᠬᠠᠳᠠᠬᠤ ᠥᠬᠡᠶ᠂ ᠦᠨ᠎ᠡ ᠠᠴᠠ ᠭᠠᠳᠠᠨ᠎ᠠ ᠦᠨ᠎ᠡ ᠨᠡᠮᠡᠬᠦ᠂ ᠳᠤᠷ᠎ᠠ ᠪᠠᠷ ᠢᠶᠠᠨ ᠦᠨ᠎ᠡ | ᠥᠰᠬᠡᠬᠦ᠂ ᠬᠤᠳᠠᠯ ᠬᠠᠭᠤᠷᠮᠠᠭ ᠢᠶᠠᠷ ᠦᠨ᠎ᠡ ᠬᠠᠳᠠᠵᠤ ᠪᠣᠷᠣᠯᠠᠭᠤᠯᠭ᠎ᠠ ᠶᠢ ᠠᠬᠢᠭᠤᠯᠬᠤ᠂ ᠦᠨ᠎ᠡ ᠬᠠᠩᠰᠢ ᠶᠢᠨ | ᠠᠮᠠᠯᠠᠯᠲᠠ ᠪᠠᠨ ᠥᠯᠥ ᠭᠦᠢᠴᠡᠳᠬᠡᠬᠦ ᠵᠡᠷᠭᠡ ᠦᠨ᠎ᠡ ᠬᠠᠩᠰᠢ ᠶᠢᠨ ᠮᠡᠬᠡᠯᠡᠯ ᠤᠨ ᠠᠵᠢᠯᠯᠠᠭ᠎ᠠ ᠣᠷᠣᠰᠢᠵᠤ ᠪᠠᠶᠢᠬᠤ | ᠡᠰᠡᠬᠦ ᠵᠡᠷᠭᠡ ᠪᠠᠶᠢᠳᠠᠯ ᠢ ᠪᠥᠬᠦ ᠲᠠᠯ᠎ᠠ ᠪᠠᠷ ᠪᠠᠶᠢᠴᠠᠭᠠᠪᠠ᠃ ᠡᠭᠦᠨ ᠤ ᠬᠠᠮᠲᠤ᠂ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠦᠨ᠎ᠡ ᠬᠠᠩᠰᠢ ᠶᠢᠨ ᠬᠠᠤᠯᠢ︾᠂ ︽ᠦᠨ᠎ᠡ ᠬᠠᠩᠰᠢ ᠶᠢᠨ ᠬᠠᠤᠯᠢ ᠠᠴᠠ ᠵᠥᠷᠢᠴᠡᠭᠰᠡᠨ | ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠳᠬᠡᠯ ᠥᠭᠬᠦ ᠲᠣᠭᠲᠠᠭᠠᠯ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ | ᠢᠳᠡᠪᠬᠢᠲᠡᠶ ᠤᠬᠠᠭᠤᠯᠤᠨ ᠲᠠᠶᠢᠯᠪᠤᠷᠢᠯᠠᠵᠤ᠂ ᠡᠵᠡᠩᠨᠡᠯᠲᠡ ᠶᠢᠨ ᠭᠤᠤᠯ ᠴᠣᠭᠴᠠ ᠶᠢ ᠰᠢᠮᠳᠠᠭᠤᠯᠵᠤ ᠪᠠᠶᠢᠭᠠᠳ | ᠦᠨ᠎ᠡ ᠬᠠᠩᠰᠢ ᠶᠢᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠵᠤ᠂ ᠲᠣᠰ ᠪᠡᠶ᠎ᠡ ᠶᠢᠨ ᠦᠨ᠎ᠡ ᠬᠠᠩᠰᠢ ᠶᠢᠨ | ᠠᠵᠢᠯᠯᠠᠭ᠎ᠠ ᠪᠠᠨ ᠵᠢᠷᠤᠮᠵᠢᠭᠤᠯᠪᠠ᠃ ᠣᠲᠣ ᠪᠣᠯᠲᠠᠯ᠎ᠠ᠂ ᠨᠡᠶᠢᠲᠡ 1 ᠲᠣᠮᠣ ᠬᠡᠯᠪᠡᠷᠢ ᠶᠢᠨ ᠵᠢᠭᠤᠯᠴᠢᠯᠠᠯ | ᠠᠮᠠᠷᠠᠯᠲᠠ ᠶᠢᠨ ᠦᠵᠡᠮᠵᠢ ᠶᠢᠨ ᠣᠷᠣᠨ ᠢ ᠪᠠᠶᠢᠴᠠᠭᠠᠵᠤ᠂ ᠡᠷᠬᠢᠨ ᠲᠣᠭᠤᠷᠢᠨ ᠤ ᠡᠵᠡᠩᠨᠡᠯᠲᠡ ᠶᠢᠨ ᠭᠤᠤᠯ | ᠴᠣᠭᠴᠠ ᠶᠢ 59 ᠡᠷᠦᠬᠡ ᠪᠠᠶᠢᠴᠠᠭᠠᠵᠤ᠂ ᠳᠡᠭᠡᠷ᠎ᠡ ᠳᠤᠷᠠᠳᠤᠭᠰᠠᠨ ᠬᠠᠤᠯᠢ ᠲᠣᠭᠲᠠᠭᠠᠯ ᠠᠴᠠ ᠵᠥᠷᠢᠴᠡᠭᠰᠡᠨ | ᠠᠰᠠᠭᠤᠳᠠᠯ ᠢ ᠲᠦᠷ ᠢᠯᠡᠷᠡᠭᠦᠯᠦᠭᠰᠡᠨ ᠥᠬᠡᠶ᠃ ᠳᠠᠷᠠᠭᠠᠴᠢ ᠶᠢᠨ ᠠᠯᠬᠤᠮ ᠳᠤ᠂ ᠰᠢᠶᠠᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠪᠠᠨ ᠦᠷᠭᠦᠯᠵᠢᠯᠡᠨ | ᠴᠢᠩᠭᠠᠳᠬᠠᠵᠤ᠂ ᠬᠠᠷᠢᠶ᠎ᠠ ᠣᠷᠣᠨ ᠤ ᠵᠤᠭᠠᠴᠠᠯ ᠤᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠲᠠᠰᠤᠷᠠᠯᠲᠠ | ᠦᠭᠡᠢ ᠰᠢᠯᠢᠳᠡᠭᠵᠢᠭᠦᠯᠵᠦ᠂ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠢᠯᠤᠭᠤᠳᠬᠠᠵᠤ᠂ ᠴᠠᠭ | ᠲᠤᠬᠠᠢ ᠳᠤᠨᠢ ᠬᠦᠯᠢᠶᠡᠨ ᠠᠪᠴᠤ ᠰᠢᠢᠳᠪᠦᠷᠢᠯᠡᠵᠦ᠂ ᠯᠠᠪᠳᠠᠭᠤᠨ ᠢᠶᠠᠷ ᠠᠷᠭᠠᠴᠠᠭᠠᠵᠤ᠂ ᠵᠥᠷᠢᠴᠡᠯ ᠵᠢᠭᠤᠷᠠᠯᠳᠤᠭᠠᠨ ᠢ | ᠢᠳᠡᠪᠬᠢᠲᠡᠢ ᠲᠣᠬᠢᠲᠠᠢ ᠰᠢᠢᠳᠪᠦᠷᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠬᠡᠷᠡᠭᠯᠡᠭᠴᠢᠳ ᠤᠨ ᠬᠠᠤᠯᠢ ᠶᠣᠰᠣᠨ ᠤ | ᠡᠷᠬᠡ ᠠᠰᠢᠭ ᠢ ᠪᠠᠲᠤᠯᠠᠵᠤ᠂ ᠬᠠᠷᠢᠶ᠎ᠠ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ | ᠦᠢᠯᠡᠴᠢᠯᠡᠬᠦ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠴᠦᠨ ᠴᠢᠳᠠᠯ ᠢᠶᠠᠨ ᠡᠷᠭᠦᠨ᠎ᠡ᠃ |