ᠨᠢᠩᠴᠧᠩ ᠰᠢᠶᠠᠨ ᠰᠢᠨᠵᠢᠯᠡᠬᠦ ᠤᠬᠠᠭᠠᠨ ᠮᠡᠷᠭᠡᠵᠢᠯ ᠢᠶᠠᠷ ᠦᠬᠡᠷ ᠬᠤᠨᠢ ᠲᠡᠵᠢᠭᠡᠨ ᠦᠷᠡᠵᠢᠭᠦᠯᠬᠦ ᠳᠤ ᠲᠣᠰᠠᠯᠠᠨ ᠰᠢᠨᠵᠢᠯᠡᠬᠦ ᠤᠬᠠᠭᠠᠨ ᠮᠡᠷᠭᠡᠵᠢᠯ ᠢᠶᠠᠷ ᠮᠠᠯ ᠪᠡᠯᠴᠢᠭᠡᠷ ᠢ ᠨᠢᠭᠡ ᠴᠣᠭᠴᠠᠵᠢᠭᠤᠯᠬᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/8/23
  ᠤᠯᠠᠭᠠᠨᠬᠠᠳᠠ ᠣᠷᠣᠨ ᠤ ᠲᠡᠵᠢᠭᠡᠨ ᠦᠷᠡᠵᠢᠭᠦᠯᠬᠦ ᠡᠷᠦᠬᠡ ᠶᠢ ᠬᠥᠲᠥᠯᠦᠨ ᠵᠢᠯᠣᠭᠤᠳᠴᠤ ᠬᠦᠴᠢᠷᠳᠡᠯ ᠠᠴᠠ ᠠᠩᠬᠢᠵᠢᠷᠠᠭᠤᠯᠵᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠤᠶᠢᠷ᠎ᠠ ᠶᠢᠨ ᠡᠳᠦᠷ᠂ ᠤᠯᠠᠭᠠᠨᠬᠠᠳᠠ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠠᠴᠠ ᠭᠤᠤᠯᠯᠠᠨ ᠡᠷᠭᠢᠯᠡᠵᠦ᠂ ᠨᠢᠩᠴᠧᠩ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠨᠢᠩᠴᠧᠩ ᠰᠢᠶᠠᠨ ᠤ ᠹᠦ᠋ ᠮᠢᠨ ᠲᠡᠵᠢᠭᠡᠨ ᠦᠷᠡᠵᠢᠭᠦᠯᠬᠦ ᠨᠡᠶᠢᠭᠡᠮᠯᠢᠭ ᠤᠨ ᠳᠠᠭᠠᠭᠠᠨ ᠡᠷᠭᠢᠯᠡᠭᠰᠡᠨ ︽2024 ᠣᠨ ᠤ ᠤᠯᠠᠭᠠᠨᠬᠠᠳᠠ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠢᠶᠠᠷ ᠠᠯᠠᠰᠢᠨ ᠦᠬᠡᠷ ᠬᠤᠨᠢ ᠶᠢ ᠨᠠᠷᠢᠯᠢᠭᠵᠢᠭᠤᠯᠤᠨ ᠲᠡᠵᠢᠭᠡᠵᠦ ᠮᠠᠯ ᠠᠵᠤ ᠠᠬᠤᠶ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠰᠤᠳᠤᠯᠤᠨ ᠶᠠᠷᠢᠯᠴᠠᠬᠤ ᠬᠤᠷᠠᠯ︾ ᠨᠢᠩᠴᠧᠩ ᠰᠢᠶᠠᠨ ᠳᠤ ᠬᠤᠷᠠᠯᠳᠤᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠤᠯᠠᠭᠠᠨᠬᠠᠳᠠ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠰᠤᠳᠤᠯᠭᠠᠨ ᠤ ᠭᠠᠵᠠᠷ ᠤᠨ ᠬᠤᠯᠪᠣᠭᠳᠠᠯ ᠪᠥᠬᠦᠶ ᠤᠳᠤᠷᠢᠳᠤᠯᠭ᠎ᠠ᠂ ᠠᠷᠤ ᠬᠤᠷᠴᠢᠨ ᠬᠤᠰᠢᠭᠤ᠂ ᠯᠢᠨᠰᠢ ᠰᠢᠶᠠᠨ᠂ ᠪᠠᠭᠠᠷᠢᠨ ᠵᠡᠭᠦᠨ ᠬᠤᠰᠢᠭᠤ᠂ ᠣᠩᠨᠢᠭᠤᠳ ᠬᠤᠰᠢᠭᠤ᠂ ᠰᠦᠩᠱᠠᠨ ᠲᠣᠭᠤᠷᠢᠭ᠂ ᠨᠢᠩᠴᠧᠩ ᠰᠢᠶᠠᠨ ᠤ ᠬᠤᠯᠪᠣᠭᠳᠠᠯ ᠪᠥᠬᠦᠶ ᠰᠢᠶᠠᠩ ᠪᠠᠯᠭᠠᠰᠤᠨ ᠤ ᠤᠳᠤᠷᠢᠳᠤᠯᠭ᠎ᠠ ᠪᠠ ᠬᠡᠰᠡᠭ ᠲᠡᠵᠢᠭᠡᠨ ᠦᠷᠡᠵᠢᠭᠦᠯᠬᠦ ᠲᠠᠯᠠᠪᠠᠶ ᠶᠢᠨ ᠲᠥᠯᠥᠭᠡᠯᠡᠭᠴᠢ ᠵᠢᠴᠢ ᠨᠢᠩᠴᠧᠩ ᠰᠢᠶᠠᠨ ᠤ ᠤᠯᠤᠰ ᠲᠥᠷᠥ ᠶᠢᠨ ᠵᠥᠪᠯᠡᠯᠭᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ᠂ ᠠᠵᠢᠯᠴᠢᠨ ᠤ ᠶᠡᠷᠦᠩᠬᠡᠶ ᠡᠪᠯᠡᠯ᠂ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ᠂ ᠨᠢᠩᠴᠧᠩ ᠰᠢᠶᠠᠨ ᠤ ᠮᠠᠯ ᠠᠵᠤ ᠠᠬᠤᠶ ᠶᠢᠨ ᠰᠤᠳᠤᠯᠭᠠᠨ ᠤ ᠭᠠᠵᠠᠷ ᠤᠨ ᠲᠤᠰᠬᠠᠶ ᠮᠡᠷᠭᠡᠵᠢᠯᠲᠡᠨ ᠤ ᠪᠦᠯᠬᠦᠮ ᠤᠨ ᠪᠦᠷᠢᠯᠳᠦᠬᠦᠨ ᠬᠤᠷᠠᠯ ᠳᠤ ᠣᠷᠣᠯᠴᠠᠵᠠᠶ᠃ ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠬᠦ᠂ ᠰᠢᠨ᠎ᠡ ᠶᠢ ᠡᠭᠦᠳᠬᠦ ᠳᠤ ᠡᠨᠧᠷᠭᠢ ᠣᠯᠭᠤᠵᠤ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ᠂ ᠪᠣᠬᠢᠷᠲᠤᠯ ᠦᠭᠡᠢ ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢ ᠬᠦᠳᠦᠯᠦᠨ ᠳᠠᠭᠠᠭᠤᠯᠬᠤ᠂ ᠲᠦᠷᠦᠯ ᠲᠡᠮᠳᠡᠭ ᠢᠶᠠᠷ ᠴᠢᠨᠠᠷ ᠰᠠᠶᠢᠲᠠᠢ ᠬᠥᠭᠵᠢᠯᠲᠡ ᠶᠢ ᠳᠠᠶᠢᠴᠢᠯᠠᠬᠤ ᠵᠡᠷᠭᠡ ᠵᠥᠪᠯᠡᠬᠦ ᠰᠡᠳᠦᠪ ᠤᠨ ᠲᠤᠬᠠᠢ ᠪᠦᠬᠦ ᠲᠠᠯ᠎ᠠ ᠶᠢᠨ ᠪᠥᠭᠡᠳ ᠭᠦᠨᠵᠡᠭᠡᠢ ᠰᠣᠯᠢᠯᠴᠠᠭ᠎ᠠ ᠬᠢᠵᠦ᠂ ᠲᠡᠵᠢᠭᠡᠨ ᠦᠷᠡᠵᠢᠭᠦᠯᠬᠦ ᠡᠷᠦᠬᠡ ᠶᠢᠨ ᠲᠥᠯᠥᠭᠡᠯᠡᠭᠴᠢ ᠲᠤᠷᠰᠢᠯᠭ᠎ᠠ ᠪᠠᠨ ᠬᠤᠪᠢᠶᠠᠯᠴᠠᠨ ᠰᠣᠯᠢᠯᠴᠠᠵᠤ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠠᠵᠤ ᠦᠢᠯᠡᠰ ᠤᠨ ᠬᠦᠷᠢᠶᠡᠨ ᠤ ᠰᠢᠨ᠎ᠡ ᠦᠷ᠎ᠡ ᠪᠦᠲᠦᠭᠡᠯ᠂ ᠰᠢᠨ᠎ᠡ ᠠᠬᠢᠴᠠ᠂ ᠰᠢᠨ᠎ᠡ ᠮᠡᠷᠭᠡᠵᠢᠯ ᠢ ᠬᠤᠪᠢᠶᠠᠯᠴᠠᠨ ᠡᠳ᠋ᠯᠡᠪᠡ᠃ ᠰᠤᠳᠤᠯᠤᠨ ᠶᠠᠷᠢᠯᠴᠠᠬᠤ ᠬᠤᠷᠠᠯ ᠢᠶᠠᠷ ᠳᠠᠮᠵᠢᠭᠤᠯᠤᠨ᠂ ᠮᠠᠯ ᠠᠵᠤ ᠠᠬᠤᠶ ᠶᠢᠨ ᠬᠥᠭᠵᠢᠯᠲᠡ ᠶᠢᠨ ᠲᠣᠭᠤᠷᠢᠨ ᠳᠤ ᠳᠠᠷᠢᠵᠤ ᠲᠡᠵᠢᠭᠡᠬᠦ ᠶᠢ ᠤᠶᠠᠯᠳᠤᠭᠤᠯᠬᠤ ᠵᠠᠭᠪᠤᠷ ᠢ ᠬᠠᠶᠢᠨ ᠰᠦᠪᠡᠭᠴᠢᠯᠡᠵᠦ᠂ ᠥᠪᠡᠷ ᠤᠨ ᠥᠷᠲᠡᠭ ᠢ ᠪᠠᠭᠤᠷᠠᠭᠤᠯᠤᠨ᠂ ᠶᠠᠰᠤ ᠴᠢᠨᠠᠷ ᠢ ᠳᠡᠭᠡᠭᠰᠢᠯᠡᠭᠦᠯᠵᠦ᠂ ᠣᠷᠣᠯᠭ᠎ᠠ ᠶᠢ ᠨᠡᠮᠡᠭᠳᠡᠭᠦᠯᠦᠨ᠂ ᠮᠠᠯ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠰᠡᠳᠬᠢᠴᠡ᠂ ᠰᠢᠨ᠎ᠡ ᠠᠷᠭ᠎ᠠ ᠵᠠᠮ ᠢ ᠨᠡᠭᠡᠭᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢᠶᠠᠷ ᠲᠠᠷᠢᠶᠠᠯᠠᠩ ᠮᠠᠯ ᠠᠵᠤ ᠠᠬᠤᠶ ᠶᠢᠨ ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号