︽ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ— ᠬᠦᠰᠡᠯ ᠵᠡᠭᠦᠳᠦ ᠪᠠᠨ ᠲᠡᠷᠭᠡᠯᠰᠢᠭᠦᠯᠵᠦ ᠰᠤᠷᠤᠯᠭ᠎ᠠ ᠶᠢ ᠲᠡᠳᠬᠦᠬᠦ︾ ᠪᠤᠶᠠᠨ ᠤ ᠦᠢᠯᠡᠰ ᠤᠨ ᠠᠵᠢᠯᠯᠠᠭ᠎ᠠ ᠶᠢ ᠨᠢᠩᠴᠧᠩ ᠰᠢᠶᠠᠨ ᠳᠤ ᠵᠢᠩᠬᠢᠨᠢ ᠪᠠᠷ ᠡᠬᠢᠯᠡᠭᠦᠯᠪᠡ
ᠨᠡᠶᠢᠲᠡᠯᠡᠭᠰᠡᠨ ᠴᠠᠭ᠄
2024/8/23
     ᠤᠶᠢᠷ᠎ᠠ ᠳᠤ᠂ ᠪᠡᠭᠡᠵᠢᠩ ᠬᠤᠲᠠ ᠶᠢᠨ ᠱᠢ ᠵᠢᠩ ᠱᠠᠨ ᠲᠣᠭᠤᠷᠢᠭ ᠤᠨ ᠲᠤᠰᠠᠯᠠᠨ ᠬᠦᠷᠭᠡᠬᠦ ᠶᠠᠪᠤᠳᠠᠯ ᠤᠨ ᠬᠠᠮᠢᠶᠠᠷᠤᠯᠲᠠ ᠶᠢᠨ ᠲᠥᠪ ᠨᠢ ᠨᠢᠩᠴᠧᠩ  ᠰᠢᠶᠠᠨ ᠤ ᠨᠢᠬᠦᠯᠡᠰᠦᠩᠬᠦᠢ ᠶᠢᠨ ᠶᠡᠷᠤᠩᠬᠡᠢ ᠡᠪᠯᠡᠯ ᠤᠨ ᠨᠠᠷᠢᠨ ᠪᠢᠴᠢᠭ ᠤᠨ ᠭᠠᠵᠠᠷ ᠲᠠᠢ ᠬᠠᠮᠲᠤᠷᠠᠨ ᠥᠷᠨᠢᠭᠦᠯᠦᠭᠰᠡᠨ ︽ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ— ᠬᠦᠰᠡᠯ ᠵᠡᠭᠦᠳᠦ ᠪᠠᠨ ᠲᠡᠷᠭᠡᠯᠰᠢᠭᠦᠯᠵᠦ ᠰᠤᠷᠤᠯᠭ᠎ᠠ ᠶᠢ ᠲᠡᠳᠬᠦᠬᠦ︾ ᠠᠵᠢᠯᠯᠠᠭ᠎ᠠ ᠶᠢ ᠵᠢᠩᠬᠢᠨᠢ ᠪᠠᠷ ᠡᠬᠢᠯᠡᠭᠦᠯᠵᠦ᠂ ᠠᠵᠢᠯᠯᠠᠭ᠎ᠠ ᠶᠢᠨ ᠵᠣᠷᠢᠯᠭ᠎ᠠ ᠨᠢ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠢᠭ᠎ᠠ ᠡᠷᠦᠬᠡ᠂ ᠶᠠᠳᠠᠭᠤ ᠠᠴᠠ ᠠᠩᠬᠢᠵᠢᠷᠠᠬᠰᠠᠨ ᠲᠣᠭᠲᠠᠭᠤᠨ ᠪᠤᠰᠤ ᠡᠷᠦᠬᠡ᠂ ᠶᠠᠳᠠᠭᠤᠷᠠᠬᠤ ᠠᠶᠤᠯ ᠲᠠᠢ ᠡᠷᠦᠬᠡ᠂ ᠭᠡᠨᠡᠳᠲᠡ ᠶᠢᠨ ᠤᠴᠢᠷ ᠠᠴᠠ ᠶᠠᠳᠠᠭᠤᠷᠠᠬᠰᠠᠨ ᠡᠷᠦᠬᠡ ᠶᠢᠨ ᠭᠡᠷ ᠪᠦᠯᠢ ᠶᠢᠨ ᠰᠤᠷᠤᠯᠭ᠎ᠠ ᠮᠤᠷᠠᠯ ᠬᠤᠣᠰᠯᠠᠬᠰᠠᠨ ᠥᠨᠳᠥᠷ ᠳᠤᠮᠳᠠᠳᠤ ᠶᠢᠨ ᠰᠤᠷᠤᠭᠴᠢ᠂ ᠶᠡᠭᠡ ᠰᠤᠷᠭᠠᠭᠤᠯᠢ ᠶᠢᠨ ᠰᠤᠷᠤᠭᠴᠢ ᠶᠢ ᠬᠠᠪᠰᠤᠷᠴᠤ᠂ ᠰᠤᠷᠤᠯᠭ᠎ᠠ ᠶᠢᠨ ᠠᠵᠤ ᠠᠬᠤᠢ ᠶᠢᠨ ᠲᠠᠷᠤᠭᠠᠰᠦ ᠶᠢ ᠨᠢ ᠬᠥᠩᠭᠡᠷᠡᠭᠦᠯᠪᠡ᠃ ᠲᠤᠰ ᠠᠵᠢᠯᠯᠠᠭ᠎ᠠ ᠳᠤ 20 ᠲᠦᠮᠡᠨ ᠲᠥᠭᠦᠷᠢᠭ ᠤᠨ ᠨᠢᠭᠦᠯᠡᠰᠦᠩᠭᠦᠶ ᠶᠢᠨ ᠪᠡᠯᠡ ᠮᠥᠩᠭᠦ ᠬᠠᠨᠳᠢᠪᠯᠠᠵᠤ᠂ 50 ᠶᠠᠳᠠᠭᠤ ᠬᠦᠴᠢᠷᠳᠡᠯᠲᠡᠶ ᠥᠨᠳᠥᠷ ᠳᠤᠮᠳᠠᠳᠤ ᠰᠤᠷᠭᠠᠭᠤᠯᠢ ᠶᠢᠨ ᠰᠤᠷᠤᠭᠴᠢ ᠪᠠ ᠤᠶᠤᠲᠠᠳ ᠢ ᠲᠤᠰᠠᠯᠠᠵᠤ᠂ ᠬᠥᠮᠦᠨ ᠪᠦᠷᠢ 4000 ᠲᠥᠭᠦᠷᠢᠭ ᠤᠨ ᠨᠢᠭᠦᠯᠡᠰᠦᠩᠭᠦᠶ ᠶᠢᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠬᠦᠷᠲᠡᠭᠡᠪᠡ᠃ ︽ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ— ᠬᠦᠰᠡᠯ ᠵᠡᠭᠦᠳᠦ ᠪᠠᠨ ᠲᠡᠷᠭᠡᠯᠰᠢᠭᠦᠯᠵᠦ ᠰᠤᠷᠤᠯᠭ᠎ᠠ ᠶᠢ ᠲᠡᠳᠬᠦᠬᠦ︾ ᠨᠢᠬᠦᠯᠡᠰᠦᠩᠬᠦᠢ ᠠᠵᠢᠯᠯᠠᠭ᠎ᠠ ᠨᠢ ᠨᠢᠩᠴᠧᠩ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠲᠡᠶ ᠪᠠᠲᠤᠯᠠᠭ᠎ᠠ ᠬᠠᠩᠭᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号