| ᠨᠢᠭᠡ ᠳᠤ᠂ ᠲᠤᠭ᠎ᠠ ᠪᠠᠷᠢᠮᠲᠠ ᠪᠠᠷ ᠡᠨᠧᠷᠭᠢ ᠣᠯᠭᠤᠵᠤ᠂ ᠲᠠᠩᠰᠠ ᠡᠪᠬᠡᠮᠡᠯ ᠤᠨ ᠦᠢᠯᠡᠰ ᠢ ᠮᠡᠳᠡᠭᠡ | ᠵᠠᠩᠭᠢᠵᠢᠯᠲᠠ ᠶᠢᠨ ︽ᠲᠦᠷᠭᠡᠨ ᠵᠠᠮ︾ ᠳᠤ ᠣᠷᠣᠭᠤᠯᠪᠠ᠃ ︽︿ᠠᠷᠪᠠᠨ ᠳᠥᠷᠪᠡᠳᠦᠭᠡᠷ ᠲᠠᠪᠤᠨ ᠵᠢᠯ﹀ ᠤᠨ | ᠲᠥᠯᠥᠪᠵᠢᠭᠦᠯᠭᠡ ᠶᠢᠨ ᠬᠤᠭᠤᠴᠠᠭᠠᠨ ᠳᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠩᠰᠠ | ᠡᠪᠬᠡᠮᠡᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠪᠠᠷ ᠵᠢᠯᠣᠭᠤᠳᠣᠯᠭ᠎ᠠ ᠪᠣᠯᠭᠠᠵᠤ᠂ ᠲᠠᠯᠠᠪᠠᠶ | ᠣᠷᠳᠣᠨ ᠤ ᠪᠡᠯᠡᠳᠬᠡᠮᠵᠢ᠂ ᠰᠢᠰᠲ᠋ᠧᠮ ᠤᠨ ᠴᠢᠳᠠᠮᠵᠢ᠂ ᠲᠠᠩᠰᠠ ᠡᠪᠬᠡᠮᠡᠯ ᠤᠨ ᠡᠬᠢ ᠪᠠᠶᠠᠯᠢᠭ᠂ ᠠᠮᠵᠢᠯᠲᠠ | ᠪᠦᠲᠦᠮᠵᠢ ᠶᠢ ᠰᠢᠯᠭᠠᠨ ᠦᠨᠡᠯᠡᠬᠦ ᠵᠡᠷᠭᠡ ᠪᠣᠳᠠᠲᠠᠶ ᠭᠦᠢᠴᠡᠳᠬᠡᠯ ᠲᠤᠭ᠎ᠠ ᠶᠢᠨ ᠠᠵᠢᠯ ᠢ ᠶᠡᠷᠦᠩᠬᠡᠶᠢᠯᠡᠨ ᠠᠬᠢᠭᠤᠯᠤᠨ᠎ᠠ | ᠃ ᠣᠳᠣᠬᠠᠨ ᠳᠤ᠂ ᠨᠢᠭᠡᠨᠲᠡ 153.8 ᠲᠦᠮᠡᠨ ᠪᠠᠯᠠ ᠣᠷᠣᠭᠤᠯᠵᠤ ᠲᠣᠭᠠᠴᠢᠯᠠᠭᠰᠠᠨ ᠰᠢᠩᠭᠡᠭᠡᠨ ᠣᠷᠣᠭᠤᠯᠬᠤ | ᠠᠵᠢᠯ ᠢ ᠬᠢᠵᠦ᠂ ᠲᠤᠰᠬᠠᠶᠢᠯᠠᠨ ᠲᠣᠭᠠᠴᠢᠯᠠᠭᠰᠠᠨ ᠰᠢᠩᠭᠡᠭᠡᠨ ᠣᠷᠣᠭᠤᠯᠬᠤ ᠮᠠᠰᠢᠨ ᠤ ᠥᠷᠥᠭᠡ ᠶᠢ ᠪᠠᠶᠢᠭᠤᠯᠵᠤ᠂ | ᠲᠣᠭᠠᠴᠢᠯᠠᠭᠰᠠᠨ ᠲᠥᠬᠦᠭᠡᠷᠦᠮᠵᠢ ᠶᠢ ᠬᠠᠪᠰᠤᠷᠭᠠᠨ ᠪᠠᠶᠢᠭᠤᠯᠵᠤ᠂ ᠬᠤᠤᠰ ᠳᠠᠪᠬᠤᠷᠯᠢᠭ ᠤᠨ PDF ᠮᠡᠷᠭᠡᠵᠢᠯ ᠤᠨ | ᠪᠠᠷᠢᠮᠵᠢᠶ᠎ᠠ ᠶᠢ ᠴᠢᠩᠳᠠᠯᠠᠬᠤ ᠶᠢᠨ ᠬᠠᠮᠲᠤ ᠨᠠᠶᠢᠳᠠᠪᠤᠷᠢᠵᠢᠭᠤᠯᠵᠤ᠂ 2023 ᠤᠨ ᠪᠣᠯᠬᠤ ᠳᠤ ᠨᠢᠭᠡᠨᠲᠡ 463.08 | ᠬᠠᠭᠤᠳᠠᠰᠤ ᠶᠢ ᠰᠢᠷᠪᠢᠬᠦ ᠶᠢᠨ ᠬᠠᠮᠲᠤ 2024 ᠣᠨ ᠳᠤ 280 ᠲᠦᠮᠡᠨ ᠨᠢᠭᠤᠷ ᠤᠨ ᠰᠠᠩ ᠳᠤ ᠬᠠᠳᠠᠭᠠᠯᠠᠵᠤ | ᠪᠠᠶᠢᠭ᠎ᠠ ᠴᠠᠭᠠᠰᠤᠨ ᠲᠠᠩᠰᠠ ᠡᠪᠬᠡᠮᠡᠯ ᠢ ᠰᠢᠷᠪᠢᠬᠦ ᠠᠵᠢᠯ ᠢ ᠥᠷᠨᠢᠭᠦᠯᠵᠦ᠂ ᠲᠠᠩᠰᠠ ᠡᠪᠬᠡᠮᠡᠯ ᠤᠨ ︽ᠨᠡᠮᠡᠭᠳᠡᠯ ᠤᠨ | ᠬᠡᠮᠵᠢᠶ᠎ᠡ ᠶᠢ ᠡᠯᠧᠺᠲᠷᠳᠴᠢᠯᠡᠬᠦ᠂ ᠬᠠᠳᠠᠭᠠᠯᠠᠯᠲᠠ ᠶᠢᠨ ᠬᠡᠮᠵᠢᠶ᠎ᠡ ᠶᠢ ᠲᠣᠭᠠᠴᠢᠯᠠᠬᠤ︾ ᠶᠢ ᠯᠠᠪᠳᠠᠭᠤᠨ ᠢᠶᠠᠷ | ᠠᠬᠢᠭᠤᠯᠤᠨ᠎ᠠ᠃ | ᠬᠤᠶᠠᠷ ᠲᠤ᠂ ᠦᠢᠯᠡᠴᠢᠯᠡᠭᠡᠨ ᠤ ᠠᠰᠢᠭᠯᠠᠯᠲᠠ ᠶᠢ ᠴᠢᠬᠤᠯᠠᠴᠢᠯᠠᠵᠤ᠂ ᠳᠠᠩᠰᠠ ᠡᠪᠬᠡᠮᠡᠯ ᠤᠨ ᠠᠷᠠᠳ | ᠲᠦᠮᠡᠨ ᠳᠤ ᠦᠢᠯᠡᠴᠢᠯᠡᠬᠦ ︽ᠠᠯᠲᠠᠨ ᠲᠦᠯᠬᠢᠭᠦᠷ︾ ᠢ ᠡᠵᠡᠮᠳᠡᠪᠡ᠃ ᠣᠯᠠᠨ ᠲᠦᠮᠡᠨ ᠤ ᠬᠡᠷᠡᠭᠰᠡᠬᠦ ᠵᠦᠢᠯ ᠢ | ᠨᠢᠭᠲᠠ ᠠᠩᠬᠠᠷᠴᠤ᠂ ᠣᠯᠠᠨ ᠲᠦᠮᠡᠨ ᠤ ᠳᠠᠩᠰᠠ ᠡᠪᠬᠡᠮᠡᠯ ᠵᠢᠴᠢ ᠲᠡᠦᠬᠡ ᠣᠶᠢᠯᠠᠯᠭ᠎ᠠ ᠶᠢ ᠨᠠᠶᠢᠷᠠᠭᠤᠯᠤᠨ ᠰᠤᠳᠤᠯᠬᠤ | ᠪᠣᠳᠠᠲᠠᠶ ᠬᠡᠷᠡᠭᠴᠡᠭᠡ ᠶᠢᠨ ᠲᠣᠭᠤᠷᠢᠨ ᠳᠤ᠂ ᠪᠠᠶᠢᠴᠠᠭᠠᠨ ᠦᠵᠡᠬᠦ ᠠᠭᠤᠯᠭ᠎ᠠ ᠶᠢ ᠠᠯᠬᠤᠮ ᠠᠯᠬᠤᠮ ᠢᠶᠠᠷ | ᠪᠠᠶᠠᠯᠢᠭᠵᠢᠭᠤᠯᠵᠤ᠂ ︽ᠡᠭᠦᠳᠡ ᠪᠠᠨ ᠨᠡᠭᠡᠭᠡᠵᠦ ᠠᠵᠢᠯᠯᠠᠬᠤ᠂ ᠢᠨᠢᠶᠡᠮᠰᠦᠭᠯᠡᠨ ᠦᠢᠯᠡᠴᠢᠯᠡᠬᠦ︾ ᠵᠡᠷᠭᠡ ᠵᠣᠷᠢᠯᠲᠠ ᠶᠢ | ᠦᠢᠯᠡᠳᠦᠯᠭᠡᠵᠢᠭᠦᠯᠵᠦ᠂ ᠦᠢᠯᠡᠴᠢᠯᠡᠭᠡᠨ ᠤ ᠬᠢᠷᠢ ᠲᠦᠪᠰᠢᠨ ᠢ ᠦᠷᠭᠦᠯᠵᠢᠯᠡᠨ ᠰᠢᠯᠢᠳᠡᠭᠵᠢᠭᠦᠯᠵᠦ᠂ ᠠᠷᠠᠳ ᠣᠯᠠᠨ ᠤ | ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠲᠠᠩᠰᠠ ᠡᠪᠬᠡᠮᠡᠯ ᠢ ᠪᠠᠶᠢᠴᠠᠭᠠᠨ ᠦᠵᠡᠵᠦ ᠠᠰᠢᠭᠯᠠᠬᠤ ᠬᠡᠷᠡᠭᠴᠡᠭᠡ | ᠱᠠᠭᠠᠷᠳᠠᠯᠭ᠎ᠠ ᠶᠢ ᠲᠠᠰᠤᠷᠠᠯᠲᠠ ᠥᠬᠡᠶ ᠬᠠᠩᠭᠠᠨ᠎ᠠ᠃ ᠡᠨᠡ ᠵᠢᠯ ᠠᠴᠠ ᠨᠠᠰᠢ᠂ ᠲᠠᠩᠰᠠ ᠡᠪᠬᠡᠮᠡᠯ ᠪᠠᠶᠢᠴᠠᠭᠠᠬᠤ | ᠬᠦᠮᠦᠨ ᠢ ᠨᠡᠶᠢᠲᠡ 350 ᠬᠥᠮᠦᠨ ᠤᠳᠠᠭ᠎ᠠ ᠭᠥᠯᠢᠶᠡᠨ ᠠᠪᠴᠤ᠂ ᠲᠠᠩᠰᠠ ᠡᠪᠬᠡᠮᠡᠯ ᠤᠨ ᠮᠠᠲ᠋ᠧᠷᠢᠶᠠᠯ ᠢ 1500 | ᠭᠠᠷᠤᠶ ᠪᠣᠳᠢ ᠬᠠᠩᠭᠠᠵᠤ᠂ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠠᠵᠢᠯᠯᠠᠭᠰᠠᠨ ᠵᠢᠯ ᠢ ᠮᠠᠭᠠᠳᠯᠠᠨ | ᠲᠣᠭᠲᠠᠭᠠᠬᠤ᠂ ᠭᠠᠵᠠᠷ ᠰᠢᠷᠣᠶ ᠶᠢᠨ ᠡᠷᠬᠡ ᠶᠢ ᠨᠤᠲᠠᠯᠠᠨ ᠲᠣᠭᠲᠠᠭᠠᠬᠤ᠂ ᠣᠷᠤᠭ ᠳᠠᠩᠰᠠᠯᠠᠬᠤ ᠵᠡᠷᠭᠡ ᠳᠤ ᠬᠦᠴᠦᠲᠡᠶ | ᠭᠡᠷᠡᠴᠢ ᠬᠠᠩᠭᠠᠵᠤ᠂ ᠨᠠᠮ ᠤᠨ ᠲᠡᠤᠬᠡ ᠶᠢ ᠨᠠᠶᠢᠷᠠᠭᠤᠯᠤᠨ ᠰᠤᠳᠤᠯᠬᠤ᠂ ᠣᠶᠢᠯᠠᠯᠭ᠎ᠠ ᠶᠢ ᠨᠠᠶᠢᠷᠠᠭᠤᠯᠤᠨ ᠪᠢᠴᠢᠬᠦ | ᠵᠡᠷᠭᠡ ᠳᠤ ᠠᠩᠬᠠᠨ ᠤ ᠪᠣᠷᠣ ᠮᠠᠲ᠋ᠧᠷᠢᠶᠠᠯ ᠬᠠᠩᠭᠠᠪᠠ᠃ | ᠭᠤᠷᠪᠠ ᠳᠤ᠂ ᠲᠠᠩᠰᠠ ᠡᠪᠬᠡᠮᠡᠯ ᠤᠨ ᠠᠮᠤᠷ ᠲᠦᠪᠰᠢᠨ ᠢ ᠪᠠᠲᠤᠯᠠᠵᠤ᠂ ᠲᠠᠩᠰᠠ ᠡᠪᠬᠡᠮᠡᠯ ᠤᠨ ᠠᠮᠤᠷ | ᠲᠦᠪᠰᠢᠨ ᠢᠶᠠᠷ ᠬᠥᠭᠵᠢᠬᠦ ᠶᠢᠨ ︽ᠲᠣᠭᠲᠠᠪᠤᠷᠢᠵᠢᠭᠤᠯᠤᠭᠴᠢ︾ ᠪᠣᠯᠤᠨ᠎ᠠ᠃ ᠪᠠᠴᠢᠮ ᠪᠠᠶᠢᠳᠠᠯ ᠢ ᠠᠷᠭᠠᠴᠠᠭᠠᠬᠤ | ᠪᠡᠯᠡᠳᠬᠡᠯ ᠲᠥᠰᠦᠯ ᠵᠢᠴᠢ ᠠᠮᠤᠷ ᠲᠦᠪᠰᠢᠨ ᠤ ᠲᠦᠷᠢᠮ ᠢ ᠪᠠᠶᠢᠭᠤᠯᠬᠤ ᠶᠢᠨ ᠬᠠᠮᠲᠤ ᠲᠠᠰᠤᠷᠠᠯᠲᠠ ᠥᠬᠡᠶ | ᠲᠡᠭᠦᠯᠳᠡᠷᠵᠢᠭᠦᠯᠵᠦ᠂ ᠲᠠᠩᠰᠠ ᠡᠪᠬᠡᠮᠡᠯ ᠤᠨ ᠠᠮᠤᠷ ᠲᠦᠪᠰᠢᠨ ᠤ ᠬᠠᠷᠢᠭᠤᠴᠠᠯᠭ᠎ᠠ ᠵᠢᠴᠢ ᠵᠢᠵᠢᠭᠦᠷᠯᠡᠬᠦ ᠲᠦᠷᠢᠮ ᠢ | ᠴᠢᠩᠭ᠎ᠠ ᠨᠠᠶᠢᠳᠠᠪᠤᠷᠢᠵᠢᠭᠤᠯᠪᠠ᠃ ᠡᠯᠧᠺᠲᠷᠣᠨ ᠪᠢᠴᠢᠭ ᠮᠠᠲ᠋ᠧᠷᠢᠶᠠᠯ ᠢ ᠴᠤᠭᠯᠠᠭᠤᠯᠬᠤ᠂ ᠲᠠᠩᠰᠠ ᠡᠪᠬᠡᠮᠡᠯ ᠢ | ᠲᠣᠭᠠᠴᠢᠯᠠᠭᠰᠠᠨ ᠂ ᠲᠠᠩᠰᠠ ᠡᠪᠬᠡᠮᠡᠯ ᠢ ᠪᠠᠶᠢᠴᠠᠭᠠᠨ ᠦᠵᠡᠵᠦ ᠠᠰᠢᠭᠯᠠᠬᠤ ᠠᠵᠢᠯ ᠤᠨ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠦᠨ᠎ᠡ᠃ ᠲᠠᠩᠰᠠ ᠡᠪᠬᠡᠮᠡᠯ ᠤᠨ ᠠᠶᠤᠯ | ᠲᠦᠭᠰᠢᠭᠦᠷᠢ ᠪᠠ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠲᠣᠭᠲᠠᠮᠠᠯ | ᠬᠤᠭᠤᠴᠠᠭ᠎ᠠ ᠲᠠᠢ ᠪᠠᠷ ᠥᠷᠨᠢᠭᠦᠯᠵᠦ᠂ ᠬᠠᠭᠠᠰ ᠵᠢᠯ ᠪᠦᠷᠢ ᠨᠢᠭᠡ ᠤᠳᠠᠭ᠎ᠠ ᠠᠮᠤᠷ ᠲᠦᠪᠰᠢᠨ ᠤ ᠪᠠᠶᠢᠴᠠᠭᠠᠯᠲᠠ | ᠬᠢᠨ᠎ᠡ᠃ ᠲᠠᠩᠰᠠ ᠡᠪᠬᠡᠮᠡᠯ ᠤᠨ ᠬᠥᠮᠥᠷᠭᠡ ᠶᠢᠨ ᠬᠠᠮᠢᠶᠠᠷᠤᠯᠲᠠ ᠶᠢ ︽ᠰᠡᠷᠭᠡᠶᠢᠯᠡᠬᠦ ᠪᠠᠷ ᠭᠤᠤᠯ ᠪᠣᠯᠭᠠᠵᠤ᠂ | ᠰᠡᠷᠭᠡᠶᠢᠯᠡᠨ ᠵᠠᠰᠠᠬᠤ ᠶᠢ ᠤᠶᠠᠯᠳᠤᠭᠤᠯᠵᠤ︾᠂ ᠭᠠᠯ ᠢ ᠰᠡᠷᠭᠡᠶᠢᠯᠡᠬᠦ᠂ ᠴᠢᠬᠢᠭ ᠢ ᠰᠡᠷᠭᠡᠶᠢᠯᠡᠬᠦ᠂ ᠬᠤᠯᠤᠭᠠᠨ᠎ᠠ ᠶᠢ | ᠰᠡᠷᠭᠡᠶᠢᠯᠡᠬᠦ᠂ ᠬᠤᠷᠣᠬᠠᠶ ᠶᠢ ᠰᠡᠷᠭᠡᠶᠢᠯᠡᠬᠦ᠂ ᠲᠣᠭᠤᠰᠣ ᠰᠡᠷᠭᠡᠶᠢᠯᠡᠬᠦ ᠵᠡᠷᠭᠡ ︽ᠶᠢᠰᠦ ᠶᠢ ᠰᠡᠷᠭᠡᠶᠢᠯᠡᠬᠦ︾ | ᠱᠠᠭᠠᠷᠳᠠᠯᠭ᠎ᠠ ᠶᠢ ᠦᠨᠡᠨᠬᠦ ᠰᠠᠶᠢᠲᠤᠷ ᠬᠢᠵᠦ᠂ ᠲᠠᠩᠰᠠ ᠡᠪᠬᠡᠮᠡᠯ ᠤᠨ ᠰᠠᠩ ᠬᠥᠮᠥᠷᠭᠡ᠂ ᠲᠠᠩᠰᠠ ᠡᠪᠬᠡᠮᠡᠯ ᠤᠨ | ᠪᠣᠳᠠᠲᠤ ᠴᠣᠭᠴᠠ ᠵᠢᠴᠢ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃ | |