ᠨᠢᠩᠴᠧᠩ ᠰᠢᠶᠠᠨ ᠮᠢᠬᠠᠨ ᠤ ᠵᠦᠢᠯ ᠤᠨ ᠵᠠᠬ᠎ᠠ ᠳᠡᠯᠭᠡᠭᠦᠷ ᠲᠤ ᠲᠤᠰᠬᠠᠶ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/8/27
    ᠮᠢᠬᠠᠨ ᠤ ᠲᠥᠷᠥᠯ ᠤᠨ ᠪᠦᠳᠦᠭᠡᠭᠳᠡᠭᠦᠨ ᠤ ᠪᠣᠷᠣᠯᠠᠭᠤᠯᠭ᠎ᠠ ᠶᠢᠨ ᠭᠤᠭᠴᠤᠭ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠮᠢᠬᠠᠨ ᠤ ᠲᠥᠷᠥᠯ ᠤᠨ ᠪᠦᠳᠦᠭᠡᠭᠳᠡᠭᠦᠨ ᠤ ᠶᠠᠰᠤ ᠴᠢᠨᠠᠷ ᠤᠨ ᠠᠮᠤᠷ ᠲᠦᠪᠰᠢᠨ ᠢ ᠴᠢᠩᠭ᠎ᠠ ᠡᠵᠡᠮᠳᠡᠬᠦ ᠶᠢᠨ ᠲᠥᠯᠥᠭᠡ᠂ ᠣᠶᠢᠷ᠎ᠠ ᠶᠢᠨ ᠬᠤᠭᠤᠴᠠᠭᠠᠨ ᠳᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠢᠳᠡᠭᠡᠨ ᠪᠠ ᠡᠮ ᠤᠨ  ᠵᠤᠶᠢᠯ ᠤᠨ ᠣᠷᠴᠢᠨ ᠲᠣᠭᠤᠷᠢᠨ ᠤ ᠶᠡᠭᠡ ᠠᠩᠭᠢ ᠲᠠᠢ ᠬᠠᠮᠲᠤᠷᠠᠨ ᠮᠢᠬᠠᠨ ᠤ ᠲᠥᠷᠥᠯ ᠤᠨ ᠪᠦᠳᠦᠭᠡᠭᠳᠡᠭᠦᠨ ᠤ ᠲᠤᠰᠬᠠᠶ ᠪᠠᠶᠢᠴᠠᠭᠠᠯᠲᠠ ᠥᠷᠨᠢᠭᠦᠯᠪᠡ᠃ ᠬᠠᠤᠯᠢ ᠬᠡᠷᠡᠭᠵᠢᠭᠦᠯᠬᠦ ᠠᠵᠢᠯᠲᠠᠨ ᠭᠠᠭ᠋ᠠᠶ ᠂ ᠦᠬᠡᠷ ᠤᠨ ᠮᠢᠬ᠎ᠠ᠂ ᠬᠤᠨᠢᠨ ᠮᠢᠬ᠎ᠠ ᠵᠡᠷᠭᠡ ᠮᠢᠬᠠᠨ ᠤ ᠲᠥᠷᠥᠯ ᠤᠨ ᠪᠦᠲᠦᠭᠡᠭᠳᠡᠬᠦᠨ᠂ ᠬᠡᠲᠦ ᠳᠡᠯᠭᠡᠭᠦᠷ᠂ ᠰᠢᠨ᠎ᠡ ᠰᠣᠷᠭᠤᠭ ᠮᠢᠬᠠᠨ ᠳᠡᠯᠭᠡᠭᠦᠷ ᠵᠡᠷᠭᠡ ᠭᠤᠭᠴᠤᠭ᠎ᠠ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠮᠢᠬᠠᠨ ᠤ ᠲᠥᠷᠥᠯ ᠤᠨ ᠡᠵᠡᠩᠨᠡᠯᠲᠡ ᠶᠢᠨ ᠭᠤᠤᠯ ᠴᠣᠭᠴᠠ ᠶᠢᠨ ᠭᠡᠷᠡᠴᠢ ᠦᠨᠡᠮᠯᠡᠯ ᠨᠢ ᠪᠦᠷᠢᠨ ᠪᠠᠶᠢᠬᠤ ᠡᠰᠡᠬᠦ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠪᠠ ᠭᠡᠷᠡᠴᠢ ᠪᠠᠷᠢᠮᠲᠠ ᠠᠪᠬᠤ ᠲᠦᠷᠢᠮ ᠢ ᠨᠠᠶᠢᠳᠠᠪᠤᠷᠢᠵᠢᠭᠤᠯᠤᠭᠰᠠᠨ ᠡᠰᠡᠬᠦ᠂ ᠬᠤᠳᠠᠯᠳᠤᠨ ᠠᠪᠤᠭᠰᠠᠨ ᠮᠢᠬᠠᠨ ᠤ ᠲᠥᠷᠥᠯ ᠤᠨ ᠬᠢᠵᠢᠭ ᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠭᠡᠷᠡᠴᠢ᠂ ᠮᠢᠬᠠᠨ ᠤ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠭᠡᠷᠡᠴᠢ ᠪᠠ ᠭᠠᠳᠠᠭᠠᠳᠤ ᠠᠴᠠ ᠣᠷᠣᠭᠤᠯᠤᠭᠰᠠᠨ ᠮᠢᠬᠠᠨ ᠤ ᠲᠥᠷᠥᠯ ᠤᠨ ᠪᠦᠲᠦᠭᠡᠭᠳᠡᠬᠦᠨ ᠤ ᠬᠢᠯᠢ ᠪᠠᠷ ᠣᠷᠣᠵᠤ ᠢᠷᠡᠭᠰᠡᠨ ᠪᠠᠷᠠᠭᠠᠨ ᠤ ᠰᠢᠯᠭᠠᠨ ᠪᠠᠶᠢᠴᠠᠭᠠᠯᠲᠠ ᠬᠢᠵᠢᠭ ᠤᠨ ᠪᠠᠶᠢᠴᠠᠭᠠᠯᠲᠠ ᠶᠢᠨ ᠭᠡᠷᠡᠴᠢ ᠬᠠᠩᠭᠠᠭᠰᠠᠨ ᠡᠰᠡᠬᠦ ᠵᠡᠷᠭᠡ ᠪᠠᠶᠢᠳᠠᠯ ᠢ ᠪᠠᠶᠢᠴᠠᠭᠠᠵᠤ᠂ ᠢᠷᠡᠯᠲᠡ ᠨᠢ ᠲᠣᠳᠣᠷᠬᠠᠶ ᠥᠬᠡᠶ ᠪᠤᠶᠤ ᠬᠢᠷᠢ ᠲᠡᠩᠴᠡᠭᠰᠡᠨ ᠥᠬᠡᠶ ᠮᠢᠬᠠᠨ ᠤ ᠲᠥᠷᠥᠯ ᠤᠨ ᠵᠠᠬ᠎ᠠ ᠳᠡᠯᠭᠡᠭᠦᠷ ᠲᠤ ᠣᠷᠣᠬᠤ ᠶᠢ ᠴᠢᠩᠭ᠎ᠠ ᠰᠡᠷᠭᠡᠶᠢᠯᠡᠪᠡ᠃ ᠡᠭᠦᠨ ᠤ ᠬᠠᠮᠲᠤ ᠭᠤᠷᠪᠠᠳᠠᠬᠢ ᠡᠲᠡᠭᠡᠳ ᠤᠨ ᠰᠢᠯᠭᠠᠨ ᠪᠠᠶᠢᠴᠠᠭᠠᠬᠤ ᠪᠠᠶᠢᠭᠤᠯᠤᠮᠵᠢ ᠲᠠᠢ ᠬᠠᠮᠲᠤᠷᠠᠨ ᠮᠢᠬᠠᠨ ᠤ ᠲᠥᠷᠥᠯ ᠤᠨ  ᠪᠦᠲᠦᠭᠡᠭᠳᠡᠬᠦᠨ ᠤ ᠲᠤᠬᠠᠶ ᠶᠢᠨ ᠲᠠᠯᠠᠪᠤᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠶᠢᠨ ᠬᠠᠮᠲᠤ᠂ ᠡᠯ᠎ᠡ ᠡᠵᠡᠩᠨᠡᠯᠲᠡ ᠶᠢᠨ ᠭᠤᠤᠯ ᠴᠣᠭᠴᠠ ᠶᠢ ᠰᠢᠮᠳᠠᠭᠤᠯᠵᠤ ᠪᠠᠶᠢᠭᠠᠳ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠪᠤᠰᠤ ᠪᠠᠷ ︽  ᠮᠢᠬᠠᠯᠠᠭᠤᠯᠬᠤ ᠬᠠᠨᠳᠠ︾ ᠶᠢ ᠨᠡᠮᠡᠬᠦ᠂ ᠢᠳᠡᠭᠡᠨ ᠤ ᠨᠡᠮᠡᠯᠲᠡ ᠡᠳ᠋ ︵ᠵᠢᠱᠢᠶᠡᠯᠡᠪᠡᠯ ᠳᠤᠲᠠᠭᠤ ᠠᠽᠣᠲ ᠬᠦᠴᠢᠯ ᠤᠨ ᠳᠠᠪᠤᠰᠤ ᠵᠡᠷᠭᠡ︶ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃ ᠣᠲᠣ ᠪᠣᠯᠲᠠᠯ᠎ᠠ᠂ ᠮᠢᠬᠠᠨ ᠤ ᠲᠥᠷᠥᠯ ᠤᠨ ᠡᠵᠡᠩᠨᠡᠯᠲᠡ ᠶᠢᠨ ᠭᠤᠤᠯ ᠴᠣᠭᠴᠠ ᠶᠢ ᠨᠡᠶᠢᠲᠡ 9 ᠡᠷᠦᠬᠡ ᠪᠠᠶᠢᠴᠠᠭᠠᠵᠤ᠂ ᠮᠢᠬᠠᠨ ᠤ ᠲᠥᠷᠥᠯ ᠤᠨ ᠪᠦᠲᠦᠭᠡᠭᠳᠡᠬᠦᠨ ᠢ 10 ᠪᠦᠯᠦᠭ ᠤᠳᠠᠭ᠎ᠠ ᠰᠤᠭᠤᠴᠢᠨ ᠪᠠᠶᠢᠴᠠᠭᠠᠵᠤ᠂ ᠰᠢᠯᠭᠠᠨ ᠪᠠᠶᠢᠴᠠᠭᠠᠬᠤ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠠᠯᠠᠭ᠎ᠠ ᠮᠥᠴᠢᠷ ᠤᠨ ᠬᠠᠮᠵᠢᠯᠴᠠᠭ᠎ᠠ ᠪᠠᠨ ᠴᠢᠩᠭᠠᠳᠬᠠᠵᠤ᠂ ᠮᠢᠬᠠᠨ ᠤ ᠲᠥᠷᠥᠯ ᠤᠨ ᠪᠦᠲᠦᠭᠡᠭᠳᠡᠬᠦᠨ ᠳᠤ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠦᠨᠡᠨᠴᠢ ᠢᠲᠡᠭᠡᠮᠵᠢᠲᠡᠢ ᠪᠠᠷ ᠬᠠᠤᠯᠢ ᠶᠢ ᠰᠠᠬᠢᠵᠤ ᠡᠵᠡᠩᠨᠡᠬᠦ ᠶᠢ ᠱᠠᠯᠠᠪᠳᠠᠭᠤᠯᠵᠤ᠂ ᠮᠢᠬᠠᠨ ᠤ ᠲᠦᠷᠦᠯ ᠤᠨ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠵᠤ᠂ ᠤᠯᠠᠨ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠦᠨᠡᠨ ᠬᠦ ᠪᠠᠲᠤᠯᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号