ᠨᠢᠩᠴᠧᠩ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ 2024 ᠣᠨ ᠤ ᠭᠤᠷᠪᠠᠳᠤᠭᠠᠷ ᠪᠦᠯᠦᠭ ᠤᠨ ᠨᠥᠬᠦᠪᠥᠷᠢ ᠪᠠᠷ ᠠᠪᠤᠬᠰᠠᠨ ᠮᠠᠰᠢᠨ ᠬᠡᠷᠡᠭᠰᠡᠯ ᠢ ᠰᠤᠭᠤᠴᠢᠨ ᠪᠠᠶᠢᠴᠠᠭᠠᠵᠤ ᠬᠢᠨᠠᠨ ᠰᠢᠯᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/8/27
    ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠬᠦ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠵᠢᠷᠤᠮᠵᠢᠭᠤᠯᠤᠨ ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠬᠦ ᠳᠤ ᠨᠥᠬᠦᠪᠥᠷᠢ ᠮᠥᠩᠭᠦ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ 8 ᠰᠠᠷ᠎ᠠ ᠶᠢᠨ 15 ᠤ ᠡᠳᠦᠷ ᠠᠴᠠ ᠡᠬᠢᠯᠡᠨ᠂ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ ᠲᠠᠷᠢᠶᠠᠯᠠᠩ ᠤᠨ ᠮᠠᠰᠢᠨ ᠤ ᠬᠠᠮᠢᠶᠠᠷᠤᠯᠲᠠ ᠶᠢᠨ ᠺᠠᠳ᠋ᠷ᠂ ᠲᠠᠷᠢᠶᠠᠯᠠᠩ ᠤᠨ ᠮᠠᠰᠢᠨ ᠤ ᠮᠡᠷᠭᠡᠵᠢᠯᠲᠡᠨ ᠢ ᠵᠣᠬᠢᠶᠠᠨ ᠪᠠᠶᠢᠭᠤᠯᠵᠤ᠂ ᠡᠯ᠎ᠡ ᠪᠠᠯᠭᠠᠰᠤ ᠰᠢᠶᠠᠩ ᠵᠡᠭᠡᠯᠢ ᠭᠤᠳᠤᠮᠵᠢ ᠳᠤ ᠭᠦᠨᠵᠡᠭᠡᠶᠢᠷᠡᠭᠦᠯᠦᠨ 2024 ᠣᠨ ᠤ ᠭᠤᠷᠪᠠᠳᠤᠭᠠᠷ ᠪᠦᠯᠦᠭ ᠤᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠮᠠᠰᠢᠨ ᠬᠡᠷᠡᠭᠰᠡᠯ ᠢ ᠰᠣᠩᠭᠤᠨ ᠪᠠᠶᠢᠴᠠᠭᠠᠵᠤ ᠬᠢᠨᠠᠨ ᠰᠢᠯᠭᠠᠬᠤ ᠠᠵᠢᠯ ᠢ ᠥᠷᠨᠢᠭᠦᠯᠪᠡ᠃    2024 ᠣᠨ ᠳᠤ ᠭᠤᠷᠪᠠᠳᠤᠭᠠᠷ ᠪᠦᠯᠦᠭ ᠲᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠬᠦ ᠨᠥᠬᠦᠪᠥᠷᠢ ᠶᠢᠨ ᠪᠠᠯᠠ ᠮᠥᠩᠭᠦ ᠶᠢᠨ ᠭᠤᠶᠤᠴᠢᠯᠠᠯ ᠤᠨ ᠬᠦᠰᠦᠨᠦᠭᠲᠦ ᠶᠢ 523 ᠬᠤᠪᠢ ᠲᠣᠭᠲᠠᠭᠠᠵᠤ᠂ ᠡᠯ᠎ᠡ ᠲᠥᠷᠥᠯ ᠤᠨ ᠮᠠᠰᠢᠨ ᠪᠠᠭᠠᠵᠢ ᠳᠤ 523  ᠬᠤᠪᠢ ᠨᠥᠬᠦᠪᠥᠷᠢ ᠥᠭᠴᠦ᠂ ᠣᠷᠣᠨ ᠤ ᠪᠠ ᠬᠤᠲᠠ ᠶᠢᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠬᠡᠷᠡᠭᠵᠢᠭᠦᠯᠬᠦ ᠲᠥᠰᠦᠯ ᠤᠨ ᠱᠠᠭᠠᠷᠳᠠᠯᠭ᠎ᠠ ᠶᠣᠰᠣᠭᠠᠷ᠂ ᠨᠡᠶᠢᠲᠡ 180 ᠬᠤᠪᠢ ᠨᠥᠬᠦᠪᠥᠷᠢ ᠥᠭᠬᠦ ᠮᠠᠰᠢᠨ ᠬᠡᠷᠡᠭᠰᠡᠯ ᠢ ᠲᠠᠲᠠᠵᠤ ᠠᠪᠤᠪᠠ᠃ ᠬᠢᠨᠠᠨ ᠪᠠᠶᠢᠴᠠᠭᠠᠬᠤ ᠶᠠᠪᠤᠴᠠ ᠳᠤ᠂ ᠠᠵᠢᠯᠲᠠᠳ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ᠂ ︽ᠬᠥᠮᠦᠨ ᠲᠠᠢ ᠠᠭᠤᠯᠵᠠᠬᠤ᠂ ᠮᠠᠰᠢᠨ ᠢ ᠦᠵᠡᠬᠦ᠂  ᠪᠠᠷᠢᠮᠲᠠ ᠶᠢ ᠦᠵᠡᠬᠦ︾ ᠵᠠᠷᠴᠢᠮ ᠢ ᠴᠢᠩᠭ᠎ᠠ ᠵᠢᠷᠤᠮᠯᠠᠨ᠂ ᠮᠠᠰᠢᠨ ᠤ ᠭᠤᠤᠯ ᠪᠡᠶ᠎ᠡ ᠶᠢᠨ ᠭᠠᠷᠤᠯ᠂ ᠮᠠᠰᠢᠨ ᠪᠠᠭᠠᠵᠢ ᠶᠢᠨ ᠨᠡᠷᠡᠶᠢᠳᠦᠯ᠂ ᠬᠡᠯᠪᠡᠷᠢ ᠮᠠᠶ᠋ᠢᠭ᠂ ᠦᠢᠯᠡᠳᠪᠤᠷᠢᠯᠡᠭᠰᠡᠨ ᠠᠵᠤ ᠠᠬᠤᠶᠢᠯᠠᠯ᠂ ᠦᠢᠯᠡᠳᠪᠦᠷᠢ ᠠᠴᠠ  ᠭᠠᠷᠣᠬᠰᠠᠨ ᠨᠣᠮᠧᠷ᠂ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ ᠵᠡᠷᠭᠡ ᠨᠢ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠲᠤᠰᠠᠯᠠᠬᠤ ᠬᠠᠮᠢᠶᠠᠷᠤᠯᠲᠠ ᠶᠢᠨ ᠰᠢᠰᠲ᠋ᠧᠮ ᠪᠠ ᠪᠠᠷᠢᠮᠲᠠ ᠳᠡᠭᠡᠷ᠎ᠡ ᠨᠢᠭᠡᠳᠦᠯᠲᠡᠶ ᠪᠠᠶᠢᠬᠤ ᠡᠰᠡᠬᠦ ᠶᠢ ᠨᠢᠭᠡᠳ ᠨᠢᠭᠡ ᠪᠠᠷ ᠬᠢᠨᠠᠨ ᠬᠠᠷᠭᠤᠭᠤᠯᠬᠤ ᠶᠢᠨ ᠬᠠᠮᠲᠤ᠂ ᠨᠥᠬᠦᠪᠥᠷᠢ ᠥᠭᠬᠦ ᠮᠠᠰᠢᠨ ᠪᠠᠭᠠᠵᠢ ᠬᠤᠳᠠᠯᠳᠤᠨ ᠠᠪᠬᠤ ᠪᠠ ᠪᠣᠷᠣᠯᠠᠭᠤᠯᠤᠭᠰᠠᠨ ᠤ ᠳᠠᠷᠠᠭᠠᠬᠢ ᠪᠠᠶᠢᠳᠠᠯ ᠢ ᠨᠠᠷᠢᠨ ᠠᠰᠠᠭᠤᠬᠤ ᠶᠢᠨ ᠬᠠᠮᠲᠤ ᠨᠥᠬᠦᠪᠥᠷᠢ ᠥᠭᠬᠦ ᠮᠠᠰᠢᠨ ᠪᠠᠭᠠᠵᠢ ᠬᠤᠳᠠᠯᠳᠤᠨ ᠠᠪᠬᠤ ᠪᠠ ᠬᠡᠷᠡᠭᠯᠡᠭᠡᠨ ᠤ ᠨᠥᠬᠦᠪᠥᠷᠢ ᠥᠭᠬᠦ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠣᠯᠠᠨ ᠲᠦᠮᠡᠨ ᠳᠤ ᠤᠬᠠᠭᠤᠯᠵᠤ᠂ ᠮᠡᠬᠡᠯᠡᠨ ᠨᠥᠬᠦᠪᠥᠷᠢᠯᠡᠬᠦ ᠵᠡᠷᠭᠡ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠨᠥᠬᠦᠪᠥᠷᠢ ᠥᠭᠬᠦ ᠮᠠᠰᠢᠨ ᠬᠡᠷᠡᠭᠰᠡᠯ ᠤᠨ ᠮᠡᠳᠡᠭᠡ ᠵᠠᠩᠭᠢ ᠶᠢᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ ᠢ ᠦᠨᠡᠨ ᠬᠦ ᠪᠠᠲᠤᠯᠠᠪᠠ᠃     ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ ᠠᠪᠬᠤ ᠨᠥᠬᠦᠪᠥᠷᠢ ᠶᠢ ᠬᠠᠷᠭᠤᠭᠤᠯᠤᠨ ᠪᠠᠶᠢᠴᠠᠭᠠᠬᠤ ᠪᠠᠷ ᠳᠠᠮᠵᠢᠭᠤᠯᠤᠨ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠭᠡᠨ ᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠡᠮᠬᠢ ᠳᠢᠭᠯᠢᠮ ᠢ ᠪᠦᠲᠦᠮᠵᠢᠲᠡᠶ ᠬᠠᠮᠠᠭᠠᠯᠠᠵᠤ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠭᠡᠨ ᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠲᠠᠷᠢᠶᠠᠯᠠᠩ ᠤᠨ ᠮᠠᠰᠢᠨᠴᠢᠯᠠᠯᠲᠠ ᠶᠢᠨ ᠬᠢᠷᠢ ᠲᠦᠪᠰᠢᠨ ᠢ ᠲᠦᠷᠭᠡᠳᠬᠡᠨ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢ ᠠᠬᠢᠭᠤᠯᠬᠤ ᠳᠤ ᠲᠤᠯᠭᠠᠭᠤᠷᠢᠯᠠᠯ ᠬᠠᠩᠭᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号