| ᠮᠢᠬᠠᠨ ᠤ ᠲᠥᠷᠥᠯ ᠤᠨ ᠪᠦᠳᠦᠭᠡᠭᠳᠡᠭᠦᠨ ᠤ ᠪᠣᠷᠣᠯᠠᠭᠤᠯᠭ᠎ᠠ ᠶᠢᠨ ᠭᠤᠭᠴᠤᠭ᠎ᠠ ᠶᠢᠨ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠮᠢᠬᠠᠨ ᠤ ᠲᠥᠷᠥᠯ ᠤᠨ ᠪᠦᠳᠦᠭᠡᠭᠳᠡᠭᠦᠨ ᠤ | ᠶᠠᠰᠤ ᠴᠢᠨᠠᠷ ᠤᠨ ᠠᠮᠤᠷ ᠲᠦᠪᠰᠢᠨ ᠢ ᠴᠢᠩᠭ᠎ᠠ ᠡᠵᠡᠮᠳᠡᠬᠦ ᠶᠢᠨ ᠲᠥᠯᠥᠭᠡ᠂ ᠣᠶᠢᠷ᠎ᠠ ᠶᠢᠨ ᠬᠤᠭᠤᠴᠠᠭᠠᠨ ᠳᠤ᠂ | ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠢᠶᠠᠨ ᠤ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠢᠳᠡᠭᠡᠨ ᠪᠠ ᠡᠮ ᠤᠨ ᠵᠤᠶᠢᠯ ᠤᠨ ᠣᠷᠴᠢᠨ ᠲᠣᠭᠤᠷᠢᠨ ᠤ ᠶᠡᠭᠡ ᠠᠩᠭᠢ ᠲᠠᠢ ᠬᠠᠮᠲᠤᠷᠠᠨ ᠮᠢᠬᠠᠨ ᠤ | ᠲᠥᠷᠥᠯ ᠤᠨ ᠪᠦᠳᠦᠭᠡᠭᠳᠡᠭᠦᠨ ᠤ ᠲᠤᠰᠬᠠᠶ ᠪᠠᠶᠢᠴᠠᠭᠠᠯᠲᠠ ᠥᠷᠨᠢᠭᠦᠯᠪᠡ᠃ ᠬᠠᠤᠯᠢ ᠬᠡᠷᠡᠭᠵᠢᠭᠦᠯᠬᠦ ᠠᠵᠢᠯᠲᠠᠨ ᠭᠠᠭ᠋ᠠᠶ | ᠂ ᠦᠬᠡᠷ ᠤᠨ ᠮᠢᠬ᠎ᠠ᠂ ᠬᠤᠨᠢᠨ ᠮᠢᠬ᠎ᠠ ᠵᠡᠷᠭᠡ ᠮᠢᠬᠠᠨ ᠤ ᠲᠥᠷᠥᠯ ᠤᠨ ᠪᠦᠲᠦᠭᠡᠭᠳᠡᠬᠦᠨ᠂ ᠬᠡᠲᠦ ᠳᠡᠯᠭᠡᠭᠦᠷ᠂ ᠰᠢᠨ᠎ᠡ | ᠰᠣᠷᠭᠤᠭ ᠮᠢᠬᠠᠨ ᠳᠡᠯᠭᠡᠭᠦᠷ ᠵᠡᠷᠭᠡ ᠭᠤᠭᠴᠤᠭ᠎ᠠ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠮᠢᠬᠠᠨ ᠤ | ᠲᠥᠷᠥᠯ ᠤᠨ ᠡᠵᠡᠩᠨᠡᠯᠲᠡ ᠶᠢᠨ ᠭᠤᠤᠯ ᠴᠣᠭᠴᠠ ᠶᠢᠨ ᠭᠡᠷᠡᠴᠢ ᠦᠨᠡᠮᠯᠡᠯ ᠨᠢ ᠪᠦᠷᠢᠨ ᠪᠠᠶᠢᠬᠤ ᠡᠰᠡᠬᠦ᠂ ᠪᠠᠷᠠᠭ᠎ᠠ | ᠣᠷᠣᠭᠤᠯᠬᠤ ᠶᠢ ᠪᠠᠶᠢᠴᠠᠭᠠᠨ ᠰᠢᠯᠭᠠᠬᠤ ᠪᠠ ᠭᠡᠷᠡᠴᠢ ᠪᠠᠷᠢᠮᠲᠠ ᠠᠪᠬᠤ ᠲᠦᠷᠢᠮ ᠢ ᠨᠠᠶᠢᠳᠠᠪᠤᠷᠢᠵᠢᠭᠤᠯᠤᠭᠰᠠᠨ ᠡᠰᠡᠬᠦ᠂ | ᠬᠤᠳᠠᠯᠳᠤᠨ ᠠᠪᠤᠭᠰᠠᠨ ᠮᠢᠬᠠᠨ ᠤ ᠲᠥᠷᠥᠯ ᠤᠨ ᠬᠢᠵᠢᠭ ᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠭᠡᠷᠡᠴᠢ᠂ | ᠮᠢᠬᠠᠨ ᠤ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠭᠡᠷᠡᠴᠢ ᠪᠠ ᠭᠠᠳᠠᠭᠠᠳᠤ ᠠᠴᠠ | ᠣᠷᠣᠭᠤᠯᠤᠭᠰᠠᠨ ᠮᠢᠬᠠᠨ ᠤ ᠲᠥᠷᠥᠯ ᠤᠨ ᠪᠦᠲᠦᠭᠡᠭᠳᠡᠬᠦᠨ ᠤ ᠬᠢᠯᠢ ᠪᠠᠷ ᠣᠷᠣᠵᠤ ᠢᠷᠡᠭᠰᠡᠨ ᠪᠠᠷᠠᠭᠠᠨ ᠤ ᠰᠢᠯᠭᠠᠨ | ᠪᠠᠶᠢᠴᠠᠭᠠᠯᠲᠠ ᠬᠢᠵᠢᠭ ᠤᠨ ᠪᠠᠶᠢᠴᠠᠭᠠᠯᠲᠠ ᠶᠢᠨ ᠭᠡᠷᠡᠴᠢ ᠬᠠᠩᠭᠠᠭᠰᠠᠨ ᠡᠰᠡᠬᠦ ᠵᠡᠷᠭᠡ ᠪᠠᠶᠢᠳᠠᠯ ᠢ ᠪᠠᠶᠢᠴᠠᠭᠠᠵᠤ᠂ | ᠢᠷᠡᠯᠲᠡ ᠨᠢ ᠲᠣᠳᠣᠷᠬᠠᠶ ᠥᠬᠡᠶ ᠪᠤᠶᠤ ᠬᠢᠷᠢ ᠲᠡᠩᠴᠡᠭᠰᠡᠨ ᠥᠬᠡᠶ ᠮᠢᠬᠠᠨ ᠤ ᠲᠥᠷᠥᠯ ᠤᠨ ᠵᠠᠬ᠎ᠠ ᠳᠡᠯᠭᠡᠭᠦᠷ ᠲᠤ | ᠣᠷᠣᠬᠤ ᠶᠢ ᠴᠢᠩᠭ᠎ᠠ ᠰᠡᠷᠭᠡᠶᠢᠯᠡᠪᠡ᠃ ᠡᠭᠦᠨ ᠤ ᠬᠠᠮᠲᠤ ᠭᠤᠷᠪᠠᠳᠠᠬᠢ ᠡᠲᠡᠭᠡᠳ ᠤᠨ ᠰᠢᠯᠭᠠᠨ ᠪᠠᠶᠢᠴᠠᠭᠠᠬᠤ | ᠪᠠᠶᠢᠭᠤᠯᠤᠮᠵᠢ ᠲᠠᠢ ᠬᠠᠮᠲᠤᠷᠠᠨ ᠮᠢᠬᠠᠨ ᠤ ᠲᠥᠷᠥᠯ ᠤᠨ ᠪᠦᠲᠦᠭᠡᠭᠳᠡᠬᠦᠨ ᠤ ᠲᠤᠬᠠᠶ ᠶᠢᠨ ᠲᠠᠯᠠᠪᠤᠷ ᠲᠤ ᠬᠢᠨᠠᠯᠲᠠ | ᠲᠠᠯᠪᠢᠵᠤ ᠰᠤᠭᠤᠴᠢᠨ ᠪᠠᠶᠢᠴᠠᠭᠠᠬᠤ ᠶᠢᠨ ᠬᠠᠮᠲᠤ᠂ ᠡᠯ᠎ᠡ ᠡᠵᠡᠩᠨᠡᠯᠲᠡ ᠶᠢᠨ ᠭᠤᠤᠯ ᠴᠣᠭᠴᠠ ᠶᠢ ᠰᠢᠮᠳᠠᠭᠤᠯᠵᠤ | ᠪᠠᠶᠢᠭᠠᠳ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠪᠤᠰᠤ ᠪᠠᠷ ︽ | ᠮᠢᠬᠠᠯᠠᠭᠤᠯᠬᠤ ᠬᠠᠨᠳᠠ︾ ᠶᠢ ᠨᠡᠮᠡᠬᠦ᠂ ᠢᠳᠡᠭᠡᠨ ᠤ ᠨᠡᠮᠡᠯᠲᠡ ᠡᠳ᠋ ︵ᠵᠢᠱᠢᠶᠡᠯᠡᠪᠡᠯ ᠳᠤᠲᠠᠭᠤ ᠠᠽᠣᠲ ᠬᠦᠴᠢᠯ ᠤᠨ | ᠳᠠᠪᠤᠰᠤ ᠵᠡᠷᠭᠡ︶ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃ ᠣᠲᠣ | ᠪᠣᠯᠲᠠᠯ᠎ᠠ᠂ ᠮᠢᠬᠠᠨ ᠤ ᠲᠥᠷᠥᠯ ᠤᠨ ᠡᠵᠡᠩᠨᠡᠯᠲᠡ ᠶᠢᠨ ᠭᠤᠤᠯ ᠴᠣᠭᠴᠠ ᠶᠢ ᠨᠡᠶᠢᠲᠡ 9 ᠡᠷᠦᠬᠡ ᠪᠠᠶᠢᠴᠠᠭᠠᠵᠤ᠂ | ᠮᠢᠬᠠᠨ ᠤ ᠲᠥᠷᠥᠯ ᠤᠨ ᠪᠦᠲᠦᠭᠡᠭᠳᠡᠬᠦᠨ ᠢ 10 ᠪᠦᠯᠦᠭ ᠤᠳᠠᠭ᠎ᠠ ᠰᠤᠭᠤᠴᠢᠨ ᠪᠠᠶᠢᠴᠠᠭᠠᠵᠤ᠂ ᠰᠢᠯᠭᠠᠨ | ᠪᠠᠶᠢᠴᠠᠭᠠᠬᠤ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠰᠢᠶᠠᠨ ᠤ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠠᠯᠠᠭ᠎ᠠ ᠮᠥᠴᠢᠷ ᠤᠨ ᠬᠠᠮᠵᠢᠯᠴᠠᠭ᠎ᠠ ᠪᠠᠨ | ᠴᠢᠩᠭᠠᠳᠬᠠᠵᠤ᠂ ᠮᠢᠬᠠᠨ ᠤ ᠲᠥᠷᠥᠯ ᠤᠨ ᠪᠦᠲᠦᠭᠡᠭᠳᠡᠬᠦᠨ ᠳᠤ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ | ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠦᠨᠡᠨᠴᠢ ᠢᠲᠡᠭᠡᠮᠵᠢᠲᠡᠢ ᠪᠠᠷ ᠬᠠᠤᠯᠢ ᠶᠢ ᠰᠠᠬᠢᠵᠤ | ᠡᠵᠡᠩᠨᠡᠬᠦ ᠶᠢ ᠱᠠᠯᠠᠪᠳᠠᠭᠤᠯᠵᠤ᠂ ᠮᠢᠬᠠᠨ ᠤ ᠲᠦᠷᠦᠯ ᠤᠨ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠣᠷᠴᠢᠨ | ᠲᠣᠭᠤᠷᠢᠨ ᠢ ᠪᠤᠢ ᠪᠣᠯᠭᠠᠵᠤ᠂ ᠤᠯᠠᠨ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠦᠨᠡᠨ ᠬᠦ | ᠪᠠᠲᠤᠯᠠᠨ᠎ᠠ᠃ | | | | | | | | | | | | ᠁ |