ᠨᠢᠩᠴᠧᠩ ᠰᠢᠶᠠᠨ ᠤ ᠲᠠᠩᠰᠠ ᠡᠪᠬᠡᠮᠡᠯ ᠲᠡᠤᠬᠡ ᠣᠶᠢᠯᠠᠯᠭ᠎ᠠ ᠶᠢᠨ ᠣᠷᠳᠣᠨ ᠣᠯᠠᠨ ᠠᠷᠭ᠎ᠠ ᠬᠡᠮᠵᠢᠶ᠎ᠡ  ᠠᠪᠴᠤ ᠲᠠᠩᠰᠠ ᠡᠪᠬᠡᠮᠡᠯ ᠢ ᠵᠢᠷᠤᠮᠵᠢᠭᠤᠯᠤᠨ ᠬᠠᠮᠢᠶᠠᠷᠬᠤ ᠶᠢ ᠴᠢᠩᠭᠠᠳᠬᠠᠵᠤ ᠠᠷᠠᠳ ᠲᠦᠮᠡᠨ ᠳᠤ  ᠦᠢᠯᠡᠴᠢᠯᠡᠬᠦ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠪᠡ
ᠨᠡᠶᠢᠲᠡᠯᠡᠭᠰᠡᠨ ᠴᠠᠭ᠄
2024/8/28
    ᠨᠡᠶᠢᠲᠡᠯᠡᠭᠰᠡᠨ ᠴᠠᠭ᠄2024/8/26         ᠨᠢᠭᠡ ᠳᠤ᠂ ᠲᠤᠭ᠎ᠠ ᠪᠠᠷᠢᠮᠲᠠ ᠪᠠᠷ ᠡᠨᠧᠷᠭᠢ ᠣᠯᠭᠤᠵᠤ᠂ ᠲᠠᠩᠰᠠ ᠡᠪᠬᠡᠮᠡᠯ ᠤᠨ ᠦᠢᠯᠡᠰ ᠢ ᠮᠡᠳᠡᠭᠡ  ᠵᠠᠩᠭᠢᠵᠢᠯᠲᠠ ᠶᠢᠨ ︽ᠲᠦᠷᠭᠡᠨ ᠵᠠᠮ︾ ᠳᠤ ᠣᠷᠣᠭᠤᠯᠪᠠ᠃ ︽︿ᠠᠷᠪᠠᠨ ᠳᠥᠷᠪᠡᠳᠦᠭᠡᠷ ᠲᠠᠪᠤᠨ ᠵᠢᠯ﹀ ᠤᠨ  ᠲᠥᠯᠥᠪᠵᠢᠭᠦᠯᠭᠡ ᠶᠢᠨ ᠬᠤᠭᠤᠴᠠᠭᠠᠨ ᠳᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠩᠰᠠ  ᠡᠪᠬᠡᠮᠡᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠪᠠᠷ ᠵᠢᠯᠣᠭᠤᠳᠣᠯᠭ᠎ᠠ ᠪᠣᠯᠭᠠᠵᠤ᠂ ᠲᠠᠯᠠᠪᠠᠶ  ᠣᠷᠳᠣᠨ ᠤ ᠪᠡᠯᠡᠳᠬᠡᠮᠵᠢ᠂ ᠰᠢᠰᠲ᠋ᠧᠮ ᠤᠨ ᠴᠢᠳᠠᠮᠵᠢ᠂ ᠲᠠᠩᠰᠠ ᠡᠪᠬᠡᠮᠡᠯ ᠤᠨ ᠡᠬᠢ ᠪᠠᠶᠠᠯᠢᠭ᠂ ᠠᠮᠵᠢᠯᠲᠠ  ᠪᠦᠲᠦᠮᠵᠢ ᠶᠢ ᠰᠢᠯᠭᠠᠨ ᠦᠨᠡᠯᠡᠬᠦ ᠵᠡᠷᠭᠡ ᠪᠣᠳᠠᠲᠠᠶ ᠭᠦᠢᠴᠡᠳᠬᠡᠯ ᠲᠤᠭ᠎ᠠ ᠶᠢᠨ ᠠᠵᠢᠯ ᠢ ᠶᠡᠷᠦᠩᠬᠡᠶᠢᠯᠡᠨ ᠠᠬᠢᠭᠤᠯᠤᠨ᠎ᠠ  ᠃ ᠣᠳᠣᠬᠠᠨ ᠳᠤ᠂ ᠨᠢᠭᠡᠨᠲᠡ 153.8 ᠲᠦᠮᠡᠨ ᠪᠠᠯᠠ ᠣᠷᠣᠭᠤᠯᠵᠤ ᠲᠣᠭᠠᠴᠢᠯᠠᠭᠰᠠᠨ ᠰᠢᠩᠭᠡᠭᠡᠨ ᠣᠷᠣᠭᠤᠯᠬᠤ  ᠠᠵᠢᠯ ᠢ ᠬᠢᠵᠦ᠂ ᠲᠤᠰᠬᠠᠶᠢᠯᠠᠨ ᠲᠣᠭᠠᠴᠢᠯᠠᠭᠰᠠᠨ ᠰᠢᠩᠭᠡᠭᠡᠨ ᠣᠷᠣᠭᠤᠯᠬᠤ ᠮᠠᠰᠢᠨ ᠤ ᠥᠷᠥᠭᠡ ᠶᠢ ᠪᠠᠶᠢᠭᠤᠯᠵᠤ᠂  ᠲᠣᠭᠠᠴᠢᠯᠠᠭᠰᠠᠨ ᠲᠥᠬᠦᠭᠡᠷᠦᠮᠵᠢ ᠶᠢ ᠬᠠᠪᠰᠤᠷᠭᠠᠨ ᠪᠠᠶᠢᠭᠤᠯᠵᠤ᠂ ᠬᠤᠤᠰ ᠳᠠᠪᠬᠤᠷᠯᠢᠭ ᠤᠨ PDF ᠮᠡᠷᠭᠡᠵᠢᠯ ᠤᠨ  ᠪᠠᠷᠢᠮᠵᠢᠶ᠎ᠠ ᠶᠢ ᠴᠢᠩᠳᠠᠯᠠᠬᠤ ᠶᠢᠨ ᠬᠠᠮᠲᠤ ᠨᠠᠶᠢᠳᠠᠪᠤᠷᠢᠵᠢᠭᠤᠯᠵᠤ᠂ 2023 ᠤᠨ ᠪᠣᠯᠬᠤ ᠳᠤ ᠨᠢᠭᠡᠨᠲᠡ 463.08  ᠬᠠᠭᠤᠳᠠᠰᠤ ᠶᠢ ᠰᠢᠷᠪᠢᠬᠦ ᠶᠢᠨ ᠬᠠᠮᠲᠤ 2024 ᠣᠨ ᠳᠤ 280 ᠲᠦᠮᠡᠨ ᠨᠢᠭᠤᠷ ᠤᠨ ᠰᠠᠩ ᠳᠤ ᠬᠠᠳᠠᠭᠠᠯᠠᠵᠤ  ᠪᠠᠶᠢᠭ᠎ᠠ ᠴᠠᠭᠠᠰᠤᠨ ᠲᠠᠩᠰᠠ ᠡᠪᠬᠡᠮᠡᠯ ᠢ ᠰᠢᠷᠪᠢᠬᠦ ᠠᠵᠢᠯ ᠢ ᠥᠷᠨᠢᠭᠦᠯᠵᠦ᠂ ᠲᠠᠩᠰᠠ ᠡᠪᠬᠡᠮᠡᠯ ᠤᠨ ︽ᠨᠡᠮᠡᠭᠳᠡᠯ ᠤᠨ  ᠬᠡᠮᠵᠢᠶ᠎ᠡ ᠶᠢ ᠡᠯᠧᠺᠲᠷᠳᠴᠢᠯᠡᠬᠦ᠂ ᠬᠠᠳᠠᠭᠠᠯᠠᠯᠲᠠ ᠶᠢᠨ ᠬᠡᠮᠵᠢᠶ᠎ᠡ ᠶᠢ ᠲᠣᠭᠠᠴᠢᠯᠠᠬᠤ︾ ᠶᠢ ᠯᠠᠪᠳᠠᠭᠤᠨ ᠢᠶᠠᠷ  ᠠᠬᠢᠭᠤᠯᠤᠨ᠎ᠠ᠃     ᠬᠤᠶᠠᠷ ᠲᠤ᠂ ᠦᠢᠯᠡᠴᠢᠯᠡᠭᠡᠨ ᠤ ᠠᠰᠢᠭᠯᠠᠯᠲᠠ ᠶᠢ ᠴᠢᠬᠤᠯᠠᠴᠢᠯᠠᠵᠤ᠂ ᠳᠠᠩᠰᠠ ᠡᠪᠬᠡᠮᠡᠯ ᠤᠨ ᠠᠷᠠᠳ  ᠲᠦᠮᠡᠨ ᠳᠤ ᠦᠢᠯᠡᠴᠢᠯᠡᠬᠦ ︽ᠠᠯᠲᠠᠨ ᠲᠦᠯᠬᠢᠭᠦᠷ︾ ᠢ ᠡᠵᠡᠮᠳᠡᠪᠡ᠃ ᠣᠯᠠᠨ ᠲᠦᠮᠡᠨ ᠤ ᠬᠡᠷᠡᠭᠰᠡᠬᠦ ᠵᠦᠢᠯ ᠢ  ᠨᠢᠭᠲᠠ ᠠᠩᠬᠠᠷᠴᠤ᠂ ᠣᠯᠠᠨ ᠲᠦᠮᠡᠨ ᠤ ᠳᠠᠩᠰᠠ ᠡᠪᠬᠡᠮᠡᠯ ᠵᠢᠴᠢ ᠲᠡᠦᠬᠡ ᠣᠶᠢᠯᠠᠯᠭ᠎ᠠ ᠶᠢ ᠨᠠᠶᠢᠷᠠᠭᠤᠯᠤᠨ ᠰᠤᠳᠤᠯᠬᠤ  ᠪᠣᠳᠠᠲᠠᠶ ᠬᠡᠷᠡᠭᠴᠡᠭᠡ ᠶᠢᠨ ᠲᠣᠭᠤᠷᠢᠨ ᠳᠤ᠂ ᠪᠠᠶᠢᠴᠠᠭᠠᠨ ᠦᠵᠡᠬᠦ ᠠᠭᠤᠯᠭ᠎ᠠ ᠶᠢ ᠠᠯᠬᠤᠮ ᠠᠯᠬᠤᠮ ᠢᠶᠠᠷ  ᠪᠠᠶᠠᠯᠢᠭᠵᠢᠭᠤᠯᠵᠤ᠂ ︽ᠡᠭᠦᠳᠡ ᠪᠠᠨ ᠨᠡᠭᠡᠭᠡᠵᠦ ᠠᠵᠢᠯᠯᠠᠬᠤ᠂ ᠢᠨᠢᠶᠡᠮᠰᠦᠭᠯᠡᠨ ᠦᠢᠯᠡᠴᠢᠯᠡᠬᠦ︾ ᠵᠡᠷᠭᠡ ᠵᠣᠷᠢᠯᠲᠠ ᠶᠢ  ᠦᠢᠯᠡᠳᠦᠯᠭᠡᠵᠢᠭᠦᠯᠵᠦ᠂ ᠦᠢᠯᠡᠴᠢᠯᠡᠭᠡᠨ ᠤ ᠬᠢᠷᠢ ᠲᠦᠪᠰᠢᠨ ᠢ ᠦᠷᠭᠦᠯᠵᠢᠯᠡᠨ ᠰᠢᠯᠢᠳᠡᠭᠵᠢᠭᠦᠯᠵᠦ᠂ ᠠᠷᠠᠳ ᠣᠯᠠᠨ ᠤ  ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠲᠠᠩᠰᠠ ᠡᠪᠬᠡᠮᠡᠯ ᠢ ᠪᠠᠶᠢᠴᠠᠭᠠᠨ ᠦᠵᠡᠵᠦ ᠠᠰᠢᠭᠯᠠᠬᠤ ᠬᠡᠷᠡᠭᠴᠡᠭᠡ  ᠱᠠᠭᠠᠷᠳᠠᠯᠭ᠎ᠠ ᠶᠢ ᠲᠠᠰᠤᠷᠠᠯᠲᠠ ᠥᠬᠡᠶ ᠬᠠᠩᠭᠠᠨ᠎ᠠ᠃ ᠡᠨᠡ ᠵᠢᠯ ᠠᠴᠠ ᠨᠠᠰᠢ᠂ ᠲᠠᠩᠰᠠ ᠡᠪᠬᠡᠮᠡᠯ ᠪᠠᠶᠢᠴᠠᠭᠠᠬᠤ  ᠬᠦᠮᠦᠨ ᠢ ᠨᠡᠶᠢᠲᠡ 350 ᠬᠥᠮᠦᠨ ᠤᠳᠠᠭ᠎ᠠ ᠭᠥᠯᠢᠶᠡᠨ ᠠᠪᠴᠤ᠂ ᠲᠠᠩᠰᠠ ᠡᠪᠬᠡᠮᠡᠯ ᠤᠨ ᠮᠠᠲ᠋ᠧᠷᠢᠶᠠᠯ ᠢ 1500  ᠭᠠᠷᠤᠶ ᠪᠣᠳᠢ ᠬᠠᠩᠭᠠᠵᠤ᠂ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠠᠵᠢᠯᠯᠠᠭᠰᠠᠨ ᠵᠢᠯ ᠢ ᠮᠠᠭᠠᠳᠯᠠᠨ  ᠲᠣᠭᠲᠠᠭᠠᠬᠤ᠂ ᠭᠠᠵᠠᠷ ᠰᠢᠷᠣᠶ ᠶᠢᠨ ᠡᠷᠬᠡ ᠶᠢ ᠨᠤᠲᠠᠯᠠᠨ ᠲᠣᠭᠲᠠᠭᠠᠬᠤ᠂ ᠣᠷᠤᠭ ᠳᠠᠩᠰᠠᠯᠠᠬᠤ ᠵᠡᠷᠭᠡ ᠳᠤ ᠬᠦᠴᠦᠲᠡᠶ  ᠭᠡᠷᠡᠴᠢ ᠬᠠᠩᠭᠠᠵᠤ᠂ ᠨᠠᠮ ᠤᠨ ᠲᠡᠤᠬᠡ ᠶᠢ ᠨᠠᠶᠢᠷᠠᠭᠤᠯᠤᠨ ᠰᠤᠳᠤᠯᠬᠤ᠂ ᠣᠶᠢᠯᠠᠯᠭ᠎ᠠ ᠶᠢ ᠨᠠᠶᠢᠷᠠᠭᠤᠯᠤᠨ ᠪᠢᠴᠢᠬᠦ  ᠵᠡᠷᠭᠡ ᠳᠤ ᠠᠩᠬᠠᠨ ᠤ ᠪᠣᠷᠣ ᠮᠠᠲ᠋ᠧᠷᠢᠶᠠᠯ ᠬᠠᠩᠭᠠᠪᠠ᠃     ᠭᠤᠷᠪᠠ ᠳᠤ᠂ ᠲᠠᠩᠰᠠ ᠡᠪᠬᠡᠮᠡᠯ ᠤᠨ ᠠᠮᠤᠷ ᠲᠦᠪᠰᠢᠨ ᠢ ᠪᠠᠲᠤᠯᠠᠵᠤ᠂ ᠲᠠᠩᠰᠠ ᠡᠪᠬᠡᠮᠡᠯ ᠤᠨ ᠠᠮᠤᠷ  ᠲᠦᠪᠰᠢᠨ ᠢᠶᠠᠷ ᠬᠥᠭᠵᠢᠬᠦ ᠶᠢᠨ ︽ᠲᠣᠭᠲᠠᠪᠤᠷᠢᠵᠢᠭᠤᠯᠤᠭᠴᠢ︾ ᠪᠣᠯᠤᠨ᠎ᠠ᠃ ᠪᠠᠴᠢᠮ ᠪᠠᠶᠢᠳᠠᠯ ᠢ ᠠᠷᠭᠠᠴᠠᠭᠠᠬᠤ  ᠪᠡᠯᠡᠳᠬᠡᠯ ᠲᠥᠰᠦᠯ ᠵᠢᠴᠢ ᠠᠮᠤᠷ ᠲᠦᠪᠰᠢᠨ ᠤ ᠲᠦᠷᠢᠮ ᠢ ᠪᠠᠶᠢᠭᠤᠯᠬᠤ ᠶᠢᠨ ᠬᠠᠮᠲᠤ ᠲᠠᠰᠤᠷᠠᠯᠲᠠ ᠥᠬᠡᠶ  ᠲᠡᠭᠦᠯᠳᠡᠷᠵᠢᠭᠦᠯᠵᠦ᠂ ᠲᠠᠩᠰᠠ ᠡᠪᠬᠡᠮᠡᠯ ᠤᠨ ᠠᠮᠤᠷ ᠲᠦᠪᠰᠢᠨ ᠤ ᠬᠠᠷᠢᠭᠤᠴᠠᠯᠭ᠎ᠠ ᠵᠢᠴᠢ ᠵᠢᠵᠢᠭᠦᠷᠯᠡᠬᠦ ᠲᠦᠷᠢᠮ ᠢ  ᠴᠢᠩᠭ᠎ᠠ ᠨᠠᠶᠢᠳᠠᠪᠤᠷᠢᠵᠢᠭᠤᠯᠪᠠ᠃ ᠡᠯᠧᠺᠲᠷᠣᠨ   ᠪᠢᠴᠢᠭ ᠮᠠᠲ᠋ᠧᠷᠢᠶᠠᠯ ᠢ ᠴᠤᠭᠯᠠᠭᠤᠯᠬᠤ᠂ ᠲᠠᠩᠰᠠ ᠡᠪᠬᠡᠮᠡᠯ ᠢ  ᠲᠣᠭᠠᠴᠢᠯᠠᠭᠰᠠᠨ ᠂ ᠲᠠᠩᠰᠠ ᠡᠪᠬᠡᠮᠡᠯ ᠢ ᠪᠠᠶᠢᠴᠠᠭᠠᠨ ᠦᠵᠡᠵᠦ ᠠᠰᠢᠭᠯᠠᠬᠤ ᠠᠵᠢᠯ ᠤᠨ ᠠᠮᠤᠷ ᠲᠦᠪᠰᠢᠨ ᠤ  ᠬᠢᠨᠠᠯᠲᠠ ᠬᠠᠮᠢᠶᠠᠷᠤᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠦᠨ᠎ᠡ᠃ ᠲᠠᠩᠰᠠ ᠡᠪᠬᠡᠮᠡᠯ ᠤᠨ ᠠᠶᠤᠯ  ᠲᠦᠭᠰᠢᠭᠦᠷᠢ ᠪᠠ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠲᠣᠭᠲᠠᠮᠠᠯ  ᠬᠤᠭᠤᠴᠠᠭ᠎ᠠ ᠲᠠᠢ ᠪᠠᠷ ᠥᠷᠨᠢᠭᠦᠯᠵᠦ᠂ ᠬᠠᠭᠠᠰ ᠵᠢᠯ ᠪᠦᠷᠢ ᠨᠢᠭᠡ ᠤᠳᠠᠭ᠎ᠠ ᠠᠮᠤᠷ ᠲᠦᠪᠰᠢᠨ ᠤ ᠪᠠᠶᠢᠴᠠᠭᠠᠯᠲᠠ  ᠬᠢᠨ᠎ᠡ᠃ ᠲᠠᠩᠰᠠ ᠡᠪᠬᠡᠮᠡᠯ ᠤᠨ ᠬᠥᠮᠥᠷᠭᠡ ᠶᠢᠨ ᠬᠠᠮᠢᠶᠠᠷᠤᠯᠲᠠ ᠶᠢ ︽ᠰᠡᠷᠭᠡᠶᠢᠯᠡᠬᠦ ᠪᠠᠷ ᠭᠤᠤᠯ ᠪᠣᠯᠭᠠᠵᠤ᠂  ᠰᠡᠷᠭᠡᠶᠢᠯᠡᠨ ᠵᠠᠰᠠᠬᠤ ᠶᠢ ᠤᠶᠠᠯᠳᠤᠭᠤᠯᠵᠤ︾᠂ ᠭᠠᠯ ᠢ ᠰᠡᠷᠭᠡᠶᠢᠯᠡᠬᠦ᠂ ᠴᠢᠬᠢᠭ ᠢ ᠰᠡᠷᠭᠡᠶᠢᠯᠡᠬᠦ᠂ ᠬᠤᠯᠤᠭᠠᠨ᠎ᠠ ᠶᠢ  ᠰᠡᠷᠭᠡᠶᠢᠯᠡᠬᠦ᠂ ᠬᠤᠷᠣᠬᠠᠶ ᠶᠢ ᠰᠡᠷᠭᠡᠶᠢᠯᠡᠬᠦ᠂ ᠲᠣᠭᠤᠰᠣ ᠰᠡᠷᠭᠡᠶᠢᠯᠡᠬᠦ ᠵᠡᠷᠭᠡ ︽ᠶᠢᠰᠦ ᠶᠢ ᠰᠡᠷᠭᠡᠶᠢᠯᠡᠬᠦ︾  ᠱᠠᠭᠠᠷᠳᠠᠯᠭ᠎ᠠ ᠶᠢ ᠦᠨᠡᠨᠬᠦ ᠰᠠᠶᠢᠲᠤᠷ ᠬᠢᠵᠦ᠂ ᠲᠠᠩᠰᠠ ᠡᠪᠬᠡᠮᠡᠯ ᠤᠨ ᠰᠠᠩ ᠬᠥᠮᠥᠷᠭᠡ᠂ ᠲᠠᠩᠰᠠ ᠡᠪᠬᠡᠮᠡᠯ ᠤᠨ  ᠪᠣᠳᠠᠲᠤ ᠴᠣᠭᠴᠠ ᠵᠢᠴᠢ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号