ᠨᠢᠩᠴᠧᠩ ᠰᠢᠶᠠᠨ ︽ᠬᠠᠤᠯᠢ ᠴᠠᠭᠠᠵᠠ ᠶᠢ ᠢᠯᠡ ᠪᠣᠯᠭᠠᠬᠤ + ᠬᠠᠤᠯᠢ ᠴᠠᠭᠠᠵᠠ ᠶᠢᠨ ᠦᠢᠯᠡᠴᠢᠯᠡᠭᠡ + ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ︾  ᠪᠠᠷ ᠬᠠᠤᠯᠢ ᠪᠠᠷ ᠵᠠᠰᠠᠬᠤ ᠦᠨᠡᠨᠴᠢ  ᠢᠲᠡᠭᠡᠮᠵᠢ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/8/28
   ᠨᠡᠶᠢᠲᠡᠯᠡᠭᠰᠡᠨ ᠴᠠᠭ᠄2024/8/26         ᠨᠢᠭᠡ ᠳᠤ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠴᠢᠩᠭᠠᠳᠬᠠᠵᠤ ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ︽ᠢᠯᠡ ᠪᠤᠯᠭᠠᠪᠠ︾᠃ ᠮᠡᠳᠡᠭᠡ ᠵᠠᠩᠭᠢ ᠶᠢ ᠢᠯᠡ ᠪᠣᠯᠭᠠᠬᠤ  ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠬᠠᠤᠯᠢᠴᠢ᠂ ᠠᠯᠪᠠᠨ ᠭᠡᠷᠡᠴᠢᠯᠡᠭᠡ ᠶᠢᠨ ᠮᠡᠳᠡᠭᠡ  ᠵᠠᠩᠭᠢ ᠶᠢ ᠢᠯᠡ ᠪᠣᠯᠭᠠᠬᠤ ᠲᠣᠭᠲᠠᠴᠠ ᠶᠢ ᠲᠡᠭᠦᠯᠳᠡᠷᠵᠢᠭᠦᠯᠦᠨ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ  ᠪᠠ ᠨᠡᠶᠢᠭᠡᠮ ᠤᠨ ᠬᠢᠨᠠᠯᠲᠠ ᠲᠠᠯᠪᠢᠬᠤ ᠶᠢ ᠴᠢᠩᠭᠠᠳᠬᠠᠵᠤ᠂ ᠪᠥᠬᠦ ᠤᠯᠤᠰ ᠤᠨ ᠬᠠᠤᠯᠢᠴᠢ ᠶᠢᠨ ᠦᠨᠡᠨᠴᠢ  ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠲᠠᠪᠴᠠᠩ ᠳᠤ ᠲᠦᠰᠢᠭᠯᠡᠨ᠂ ᠨᠢᠩᠴᠧᠩ ᠰᠢᠶᠠᠨ ᠤ ᠬᠠᠤᠯᠢ  ᠴᠠᠭᠠᠵᠠ ᠶᠢᠨ ᠦᠢᠯᠡᠴᠢᠯᠡᠭᠡᠨ ᠤ ᠠᠵᠢᠯᠲᠠᠨ ᠪᠠ ᠪᠠᠶᠢᠭᠤᠯᠤᠮᠵᠢ ᠶᠢᠨ ᠢᠲᠡᠭᠡᠮᠵᠢ ᠶᠢᠨ ᠮᠡᠳᠡᠭᠡ ᠵᠠᠩᠭᠢ ᠶᠢ  ᠰᠠᠨᠠᠭᠠᠴᠢᠯᠠᠭ᠎ᠠ ᠠᠴᠠ ᠪᠠᠨ ᠨᠡᠶᠢᠭᠡᠮ ᠳᠤ ᠢᠯᠡ ᠨᠡᠶᠢᠲᠡᠯᠡᠨ᠎ᠡ᠃ ᠣᠳᠣᠬᠠᠨ ᠳᠤ ᠪᠦᠬᠦ ᠰᠢᠶᠠᠨ ᠤ 4 ᠬᠠᠤᠯᠢᠴᠢ ᠶᠢᠨ  ᠬᠡᠷᠡᠭ ᠡᠷᠬᠢᠯᠡᠬᠦ ᠭᠠᠵᠠᠷ ᠪᠠ 66 ᠲᠤᠰᠬᠠᠶ ᠲᠤᠰᠢᠶᠠᠯ ᠤᠨ ᠬᠠᠤᠯᠢᠴᠢ ᠶᠢᠨ ᠡᠯᠧᠺᠲᠷᠣᠨ ᠮᠡᠳᠡᠭᠡ ᠵᠠᠩᠭᠢ ᠶᠢᠨ  ᠲᠠᠩᠰᠠ ᠡᠪᠬᠡᠮᠡᠯ ᠢ ᠨᠢᠭᠡᠨᠲᠡ ᠪᠠᠶᠢᠭᠤᠯᠤᠭᠰᠠᠨ ᠪᠥᠭᠡᠳ ᠪᠦᠬᠦᠨ ᠢ ᠲᠠᠪᠴᠠᠩ ᠳᠤ ᠣᠷᠣᠭᠤᠯᠪᠠ᠃ ᠡᠭᠦᠨ ᠤ ᠬᠠᠮᠲᠤ  ᠸᠢᠴᠠᠲ ᠤᠨ ᠣᠯᠠᠨ ᠨᠡᠶᠢᠲᠡ ᠶᠢᠨ ᠲᠠᠪᠴᠠᠩ ᠳᠤ ᠲᠦᠰᠢᠭᠯᠡᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ  ᠲᠠᠯ᠎ᠠ ᠪᠠᠷ ᠬᠢ ᠠᠵᠢᠯ ᠤᠨ ᠬᠥᠳᠡᠯᠦᠩᠭᠦᠶ ᠮᠡᠳᠡᠭᠡ ᠵᠠᠩᠭᠢ ᠶᠢ ᠪᠠᠷᠤᠭ 20 ᠬᠤᠪᠢ ᠨᠡᠶᠢᠲᠡᠯᠡᠪᠡ᠃     ᠬᠤᠶᠠᠷ ᠲᠤ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ  ᠴᠢᠩᠭᠠᠳᠬᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ︽ᠪᠣᠳᠠᠲᠠᠢ ᠨᠠᠶᠢᠳᠠᠪᠤᠷᠢᠵᠢᠭᠤᠯᠤᠨ᠎ᠠ︾᠃ ︽  ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠲᠦᠷᠢᠮ ᠢ  ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠶᠢᠨ ᠭᠠᠵᠠᠷ᠂ ᠠᠯᠪᠠᠨ ᠭᠡᠷᠡᠴᠢᠯᠡᠭᠡ ᠶᠢᠨ ᠭᠠᠵᠠᠷ ᠤᠨ ᠵᠣᠬᠢᠶᠠᠨ  ᠪᠠᠶᠢᠭᠤᠯᠤᠯᠲᠠ ᠶᠢᠨ ᠪᠠᠶᠢᠭᠤᠯᠤᠯᠲᠠ᠂ ᠠᠵᠢᠯ ᠡᠷᠭᠢᠯᠡᠬᠦ ᠠᠵᠢᠯᠯᠠᠭ᠎ᠠ᠂ ᠵᠠᠭᠠᠯᠳᠤᠯᠭ᠎ᠠ ᠶᠢ ᠰᠢᠢᠳᠪᠦᠷᠢᠯᠡᠬᠦ ᠵᠡᠷᠭᠡ  ᠲᠠᠯ᠎ᠠ ᠪᠠᠷ ᠪᠠᠶᠢᠴᠠᠭᠠᠨ ᠵᠢᠯᠣᠭᠤᠳᠬᠤ ᠶᠢ ᠥᠷᠨᠢᠭᠦᠯᠵᠦ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ  ᠲᠥᠷᠥᠯ ᠤᠨ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠪᠠ᠃ ᠣᠯᠠᠨ ᠨᠡᠶᠢᠲᠡ ᠶᠢᠨ ᠬᠠᠤᠯᠢ ᠴᠠᠭᠠᠵᠠ ᠶᠢᠨ  ᠦᠢᠯᠡᠴᠢᠯᠡᠭᠡᠨ ᠤ ᠪᠣᠳᠠᠲᠤ ᠴᠣᠭᠴᠠ ᠶᠢᠨ ᠲᠠᠪᠴᠠᠩ ᠢ ᠲᠣᠰᠬᠤᠨ᠂ ᠨᠡᠶᠢᠭᠡᠮ ᠲᠣᠭᠤᠷᠢᠭ ᠬᠦᠷᠲᠡᠯ᠎ᠡ ᠤᠷᠲᠤᠳᠬᠠᠵᠤ  ᠂ ᠰᠢᠶᠠᠨ᠂ ᠪᠠᠯᠭᠠᠰᠤ ︵ᠰᠢᠶᠠᠩ︶᠂ ᠲᠣᠰᠬᠤᠨ ︵ᠨᠡᠶᠢᠭᠡᠮ ᠲᠣᠭᠤᠷᠢᠭ︶ ᠭᠤᠷᠪᠠᠨ ᠱᠠᠲᠤᠨ ᠤ ᠪᠣᠳᠠᠲᠤ  ᠴᠣᠭᠴᠠ ᠶᠢᠨ ᠲᠠᠪᠴᠠᠩ ᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠵᠦ᠂ ᠦᠨᠳᠦᠰᠦᠨ ᠱᠠᠲᠤᠨ ᠤ ᠬᠠᠤᠯᠢ  ᠴᠠᠭᠠᠵᠠ ᠶᠢᠨ ᠦᠢᠯᠡᠴᠢᠯᠡᠭᠡᠨ ᠤ ᠡᠬᠢ ᠪᠠᠶᠠᠯᠢᠭ ᠢ ᠪᠠᠶᠠᠯᠢᠭᠵᠢᠭᠤᠯᠤᠨ᠎ᠠ᠃ ᠣᠲᠣ ᠪᠣᠯᠲᠠᠯ᠎ᠠ ᠮᠠᠨ ᠤ ᠰᠢᠶᠠᠨ ᠳᠤ  ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ 1᠂ ᠰᠢᠶᠠᠩ ᠪᠠᠯᠭᠠᠰᠤ ︵ᠵᠡᠭᠡᠯᠢ ᠭᠤᠳᠤᠮᠵᠢ︶  ᠶᠢᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠤᠨ ᠥᠷᠲᠡᠭᠡ 18᠂ ᠲᠣᠰᠬᠤᠨ ︵  ᠰᠠᠭᠤᠭᠠᠯᠢ︶ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠤᠨ ᠲᠠᠰᠤᠭ 327 ᠪᠠᠶᠢᠵᠤ  ᠂ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ 800 ᠭᠠᠷᠤᠶ ᠤᠳᠠᠭ᠎ᠠ ᠥᠷᠨᠢᠭᠦᠯᠪᠡ᠃     ᠭᠤᠷᠪᠠ ᠳᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂  ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ︽  ᠲᠤᠬᠳᠠᠭᠤᠨ ᠪᠣᠯᠭᠠᠪᠠ︾᠃ ᠵᠠᠰᠠᠭ ᠵᠠᠬᠢᠷᠭᠠᠨ ᠤ ᠬᠠᠤᠯᠢ  ᠬᠡᠷᠡᠭᠵᠢᠭᠦᠯᠦᠯᠲᠡ ᠶᠢ ᠢᠯᠡ ᠪᠣᠯᠭᠠᠬᠤ ᠬᠡᠮᠵᠢᠶ᠎ᠡ᠂ ᠢᠯᠡ ᠲᠣᠳᠣ ᠶᠢᠨ ᠬᠡᠮᠵᠢᠶ᠎ᠡ ᠶᠢ ᠦᠷᠭᠦᠯᠵᠢᠯᠡᠨ  ᠳᠡᠭᠡᠭᠰᠢᠯᠡᠭᠦᠯᠬᠦ ᠶᠢᠨ ᠲᠥᠯᠥᠭᠡ᠂ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠠᠵᠢᠯᠲᠠᠳ ᠪᠣᠯᠤᠨ  ᠬᠤᠯᠪᠣᠭᠳᠠᠯ ᠪᠦᠬᠦᠢ ᠨᠢᠭᠡᠴᠡ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠨᠢᠭᠡᠳᠦᠭᠡᠷ ᠹᠷᠣᠨᠲ ᠤᠨ  ᠬᠠᠤᠯᠢ ᠬᠡᠷᠡᠭᠵᠢᠭᠦᠯᠬᠦ ᠲᠤᠬᠠᠶ ᠶᠢᠨ ᠲᠠᠯᠠᠪᠠᠢ ᠳᠤ ᠣᠷᠣᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ  ᠵᠦᠢᠯ ᠤᠨ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠲᠠᠢ ᠬᠠᠷᠢᠴᠠᠭᠤᠯᠵᠤ᠂ ᠲᠤᠬᠠᠶ ᠶᠢᠨ ᠭᠠᠵᠠᠷ ᠲᠤᠨᠢ  ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠠᠵᠢᠯᠲᠠᠨ ᠤ  ᠬᠤᠪᠴᠠᠰᠤ᠂ ᠦᠨᠡᠮᠯᠡᠯ ᠢᠶᠠᠷ ᠠᠵᠢᠯ ᠤᠨ ᠪᠠᠶᠢᠷᠢ ᠳᠤ  ᠭᠠᠷᠬᠤ᠂ ᠦᠨᠡᠮᠯᠡᠯ ᠢ ᠦᠵᠡᠭᠦᠯᠵᠦ ᠬᠠᠤᠯᠢ ᠬᠡᠷᠡᠭᠵᠢᠭᠦᠯᠬᠦ ᠵᠡᠷᠭᠡ ᠪᠠᠶᠢᠳᠠᠯ ᠢ ᠪᠠᠶᠢᠴᠠᠭᠠᠵᠤ᠂ ᠵᠠᠰᠠᠭ ᠵᠠᠬᠢᠷᠭᠠᠨ ᠤ  ᠬᠠᠤᠯᠢ ᠬᠡᠷᠡᠭᠵᠢᠭᠦᠯᠦᠯᠲᠡ ᠶᠢᠨ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠬᠦᠴᠦᠯᠡᠨ ᠳᠡᠭᠡᠭᠰᠢᠯᠡᠭᠦᠯᠵᠦ᠂ ᠤᠯᠠᠨ  ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠵᠢᠷᠤᠮᠵᠢᠭᠰᠠᠨ᠂ ᠪᠣᠯᠪᠠᠰᠤᠨ᠂ ᠲᠥᠪ ᠭᠤᠣᠯᠴᠢ᠂  ᠥᠨᠳᠥᠷ ᠪᠦᠲᠦᠮᠵᠢᠲᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠶᠢ ᠪᠦᠬᠦ ᠬᠦᠴᠦᠨ ᠢᠶᠠᠷ ᠢᠶᠠᠨ  ᠪᠠᠶᠢᠭᠤᠯᠵᠤ᠂ ᠮᠠᠨ ᠤ ᠰᠢᠶᠠᠨ ᠤ ᠬᠠᠤᠯᠢ ᠬᠡᠷᠡᠭᠵᠢᠭᠦᠯᠬᠦ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ  ᠠᠬᠢᠭᠤᠯᠪᠠ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号