ᠨᠢᠩᠴᠧᠩ ᠰᠢᠶᠠᠨ ᠡᠮ ᠡᠮᠨᠡᠯᠭᠡ ᠶᠢᠨ ᠳᠠᠭᠠᠳᠬᠠᠯ ᠤᠨ ᠠᠵᠢᠯ ᠢ ᠰᠠᠶᠢᠳᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2024/8/28
          ᠨᠢᠭᠡ ᠳᠤ᠂ ᠨᠢᠷᠠᠢ ᠬᠡᠦᠬᠡᠳ ᠤᠨ ᠳᠠᠭᠠᠳᠬᠠᠯ ᠳᠤ ᠣᠷᠣᠯᠴᠠᠬᠤ ᠠᠵᠢᠯ ᠢ ᠰᠠᠶᠢᠳᠤᠷ ᠬᠢᠵᠦ ᠪᠠᠶᠢᠨ᠎ᠠ᠃  ᠬᠤᠲᠠ ᠶᠢᠨ ᠳᠣᠲᠣᠷ᠎ᠠ ᠲᠥᠷᠥᠭᠰᠡᠨ ᠨᠢᠷᠠᠶ ᠬᠡᠤᠬᠡᠳ ᠤᠨ ᠲᠥᠷᠥᠭᠰᠡᠨ ᠭᠡᠷᠡᠴᠢ ᠪᠠᠷ ᠳᠠᠮᠵᠢᠭᠤᠯᠤᠨ ᠡᠮᠨᠡᠯᠭᠡ ᠶᠢᠨ  ᠬᠤᠷᠢᠶ᠎ᠠ ᠳᠤ ᠰᠢᠭᠤᠳ ᠡᠮ ᠡᠮᠨᠡᠯᠭᠡ ᠶᠢᠨ ᠳᠠᠭᠠᠳᠬᠠᠯ ᠤᠨ ᠳᠡᠩᠰᠡᠯᠡᠯᠲᠡ ᠬᠢᠵᠦ᠂ ᠭᠠᠳᠠᠷ ᠣᠷᠣᠨ ᠳᠤ ᠲᠥᠷᠥᠭᠰᠡᠨ  ᠨᠢᠷᠠᠶ ᠬᠡᠤᠬᠡᠳ ᠢ ᠸᠢᠴᠠᠲ ᠢᠶᠠᠷ ᠳᠠᠮᠵᠢᠭᠤᠯᠤᠨ ᠡᠮ ᠡᠮᠨᠡᠯᠭᠡ ᠶᠢᠨ ᠳᠠᠭᠠᠳᠬᠠᠯ ᠤᠨ ᠳᠡᠩᠰᠡᠯᠡᠯᠲᠡ ᠬᠢᠵᠦ᠂ ᠨᠢᠷᠠᠶ  ᠬᠡᠤᠬᠡᠳ ᠲᠤ ᠨᠢᠭᠡ ᠨᠢᠭᠡ ᠪᠠᠷ ᠨᠠᠷᠢᠯᠢᠭ ᠣᠨᠣᠴᠠᠲᠠᠶ ᠪᠠᠷ ᠦᠢᠯᠡᠴᠢᠯᠡᠵᠦ᠂ ᠨᠢᠷᠠᠶ ᠬᠡᠤᠬᠡᠳ ᠲᠤ ᠳᠠᠭᠠᠳᠬᠠᠯ ᠤᠨ  ᠰᠦᠢᠳᠭᠡᠯ ᠢ ᠣᠷᠬᠢᠭᠳᠠᠭᠤᠯᠬᠤ ᠪᠠᠶᠢᠬᠤ ᠶᠢ ᠦᠨᠡᠨᠬᠦ ᠪᠠᠲᠤᠯᠠᠵᠤ᠂ 7 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ  ᠰᠢᠶᠠᠨ ᠤ 568 ᠨᠢᠷᠠᠶ ᠬᠡᠤᠬᠡᠳ ᠳᠠᠭᠠᠳᠬᠠᠯ ᠳᠤ ᠣᠷᠣᠯᠴᠠᠵᠠᠶ᠃     ᠬᠤᠶᠠᠷ ᠲᠤ ᠤᠳᠠᠭᠠᠨ ᠴᠢᠨᠠᠷᠲᠠᠶ ᠡᠪᠡᠳᠴᠢᠨ ᠢ ᠰᠢᠢᠳᠪᠦᠷᠢᠯᠡᠬᠦ ᠠᠵᠢᠯ ᠢ ᠰᠠᠶᠢᠳᠤᠷ ᠬᠢᠵᠦ ᠪᠠᠶᠢᠨ᠎ᠠ᠃ ᠣᠨᠳᠣᠤ  ᠭᠠᠵᠠᠷ ᠤᠨ ᠤᠳᠠᠭᠠᠨ ᠴᠢᠨᠠᠷᠲᠠᠶ ᠡᠪᠡᠳᠴᠢᠲᠡᠨ ᠳᠤ᠂ ᠬᠠᠭᠠᠰ ᠵᠢᠯ ᠪᠦᠷᠢ ᠰᠠᠨᠠᠭᠠᠴᠢᠯᠠᠭ᠎ᠠ ᠠᠴᠠ ᠪᠠᠨ ᠨᠢᠭᠡ ᠤᠳᠠᠭ᠎ᠠ  ᠤᠲᠠᠰᠤ ᠪᠠᠷ ᠬᠠᠷᠢᠯᠴᠠᠵᠤ ᠪᠠᠶᠢᠭᠠᠳ ᠤᠳᠠᠭᠠᠨ ᠴᠢᠨᠠᠷᠲᠠᠶ ᠡᠪᠡᠳᠴᠢᠨ ᠢ ᠳᠡᠩᠰᠡᠯᠡᠵᠦ᠂ ᠪᠠᠶᠢᠳᠠᠯ ᠢ ᠣᠶᠢᠯᠠᠭᠠᠵᠤ  ᠰᠢᠭᠤᠳ ᠭᠦᠢᠴᠡᠳᠬᠡᠨ᠎ᠡ᠃ ᠠᠭᠤᠯᠵᠠᠬᠤ ᠦᠭᠡᠢ ᠪᠠᠷ ᠭᠦᠢᠴᠡᠳᠬᠡᠬᠦ᠂ ︽ᠢᠷᠡᠬᠦ ᠦᠭᠡᠢ ᠪᠣᠯ ᠡᠳ᠋ᠯᠡᠬᠦ︾ ᠶᠢ ᠦᠨᠡᠨ  ᠬᠦ ᠪᠡᠶᠡᠯᠡᠭᠦᠯᠦᠨ᠎ᠡ᠃ ᠡᠨᠡ ᠵᠢᠯ ᠨᠢᠭᠡᠨᠲᠡ ᠤᠳᠠᠭᠠᠨ ᠴᠢᠨᠠᠷᠲᠠᠶ ᠡᠪᠡᠳᠴᠢᠨ ᠤ ᠬᠠᠷᠠᠭᠠᠯᠵᠠᠯ ᠢ ᠨᠠᠶᠢᠳᠠᠪᠤᠷᠢᠵᠢᠭᠤᠯᠵᠤ᠂  ᠤᠳᠠᠭᠠᠨ ᠴᠢᠨᠠᠷᠲᠠᠶ ᠡᠪᠡᠳᠴᠢᠨ ᠳᠤ ᠠᠰᠢᠭ ᠭᠥᠷᠳᠡᠭᠰᠡᠨ ᠡᠪᠡᠳᠴᠢᠲᠡᠨ ᠢ 153 ᠬᠥᠮᠦᠨ ᠤᠳᠠᠭ᠎ᠠ  ᠨᠠᠶᠢᠳᠠᠪᠤᠷᠢᠵᠢᠭᠤᠯᠪᠠ᠃     ᠭᠤᠷᠪᠠ ᠳᠤ᠂ ᠣᠨᠳᠣᠤ ᠭᠠᠵᠠᠷ ᠲᠤ ᠡᠮᠨᠡᠭᠦᠯᠬᠦ ᠮᠥᠷᠳᠡᠨ ᠦᠢᠯᠡᠴᠢᠯᠡᠬᠦ ᠠᠵᠢᠯ ᠢ ᠰᠠᠶᠢᠳᠤᠷ ᠬᠢᠵᠦ ᠪᠠᠶᠢᠨ᠎ᠠ᠃  ᠶᠡᠭᠡ ᠲᠢᠩᠬᠢᠮ ᠳᠤ ᠳᠠᠩᠰᠠᠯᠠᠭᠤᠯᠤᠭᠰᠠᠨ ᠪᠠ ᠥᠪᠡᠰᠦᠪᠡᠨ ᠳᠠᠩᠰᠠᠯᠠᠭᠤᠯᠤᠭᠰᠠᠨ ᠣᠯᠠᠨ ᠲᠦᠮᠡᠨ ᠳᠤ ᠪᠥᠬᠦ  ᠲᠠᠯ᠎ᠠ ᠪᠠᠷ ᠮᠥᠷᠳᠡᠨ ᠦᠢᠯᠡᠴᠢᠯᠡᠨ᠎ᠡ᠃ 7 ᠰᠠᠷ᠎ᠠ ᠪᠤᠯᠳᠠᠯ᠎ᠡ ᠮᠦᠷᠳᠡᠨ ᠲᠠᠩᠰᠠᠯᠠᠭᠤᠯᠣᠭᠰᠠᠨ ᠬᠦᠮᠦᠨ ᠤ ᠲᠤᠭ᠎ᠠ  5140 ᠬᠦᠮᠦᠨ ᠣᠳᠠᠭ᠎ᠠ ᠬᠦᠷᠴᠣ᠂ ᠣᠨᠳᠣᠣ ᠭᠠᠵᠠᠷ ᠲᠤ ᠡᠮᠨᠡᠭᠦᠯᠦᠭᠰᠡᠨ ᠰᠢᠭᠤᠳ ᠮᠡᠳᠡᠬᠦᠯᠬᠦ ᠨᠣᠷᠮ᠎ᠠ  90% ᠠᠴᠠ ᠲᠡᠭᠡᠭᠰᠢ ᠳᠤ ᠬᠦᠷᠴᠦ᠂ ᠪᠦᠬᠦ ᠬᠤᠲᠠ ᠶᠢᠨ ᠡᠮᠦᠨ᠎ᠡ ᠡᠩᠨᠡᠭᠡᠨ ᠳᠤ ᠣᠷᠣᠪᠠ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号