ᠰᠣᠩᠭᠢᠨ᠎ᠠ ᠰᠢᠶᠠᠩ ︽ᠲᠠᠪᠤ ᠶᠢ ᠨᠢᠭᠡᠳᠦᠯᠲᠡᠢ ᠲᠥᠯᠥᠪᠯᠡᠨ︾  ᠠᠮᠢ ᠠᠬᠤᠢ ᠶᠢ ᠬᠥᠭᠵᠢᠭᠦᠯᠦᠨ ᠮᠠᠨᠳᠤᠭᠤᠯᠵᠤ ᠪᠣᠬᠢᠷᠲᠤᠯ ᠥᠬᠡᠢ ᠬᠥᠭᠵᠢᠯᠲᠡ ᠶᠢ  ᠠᠬᠢᠭᠤᠯᠤᠨ᠎ᠠ
ᠨᠡᠶᠢᠲᠡᠯᠡᠭᠰᠡᠨ ᠴᠠᠭ᠄
2024/8/29
    ᠨᠢᠭᠡ ᠳᠤ ᠠᠮᠢ ᠠᠬᠤᠶ ᠶᠢᠨ ᠬᠠᠮᠠᠭᠠᠯᠠᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ 15 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠯᠦᠩ ᠲᠠᠨ ᠨᠤᠭᠤ ᠭᠠᠵᠠᠷ ᠢ ᠬᠠᠮᠠᠭᠠᠯᠠᠬᠤ ᠴᠢᠨᠠᠷᠲᠠᠢ ᠬᠦᠷᠢᠶᠡᠯᠡᠬᠦ ᠲᠦᠷᠦᠯ ᠵᠦᠢᠯ ᠢ ᠬᠡᠷᠡᠭᠵᠢᠭᠦᠯᠵᠦ᠂ 150 ᠮᠦ ᠥᠨᠳᠥᠷ ᠠᠭᠤᠯᠠ ᠶᠢᠨ ᠨᠤᠭᠤ ᠭᠠᠵᠠᠷ ᠢ ᠬᠠᠮᠠᠭᠠᠯᠠᠪᠠ᠃ ︽ᠨᠠᠮ ᠤᠨ ᠪᠠᠶᠢᠭᠤᠯᠤᠯᠲᠠ+ᠠᠮᠢ ᠠᠬᠤᠢ ᠶᠢᠨ ᠬᠠᠮᠠᠭᠠᠯᠠᠯᠲᠠ︾ ᠶᠢᠨ ᠵᠠᠭᠪᠤᠷ ᠢ ᠬᠠᠶᠢᠨ ᠰᠦᠪᠡᠭᠴᠢᠯᠡᠵᠦ᠂ ᠤᠢ ᠰᠢᠭᠤᠢ᠂ ᠭᠤᠣᠯ ᠮᠥᠷᠡᠨ ᠤ ᠳᠠᠷᠤᠭ᠎ᠠ ᠶᠢᠨ ᠳᠦᠷᠢᠮ ᠲᠠᠢ ᠤᠶᠠᠯᠳᠤᠭᠤᠯᠤᠨ᠂ ᠨᠠᠮ ᠤᠨ ᠭᠡᠰᠢᠭᠦᠨ ᠢ 140 ᠬᠥᠮᠥᠨ ᠵᠣᠬᠢᠶᠠᠨ ᠪᠠᠶᠢᠭᠤᠯᠵᠤ᠂ ᠤᠢ ᠰᠢᠭᠤᠢ ᠶᠢ ᠲᠣᠭᠤᠷᠢᠨ ᠪᠠᠶᠢᠴᠠᠭᠠᠵᠤ ᠭᠤᠣᠯ ᠮᠥᠷᠡᠨ ᠢ ᠬᠠᠮᠠᠭᠠᠯᠠᠬᠤ ᠶᠢ ᠣᠯᠠᠨ ᠤᠳᠠᠭ᠎ᠠ ᠥᠷᠨᠢᠭᠦᠯᠵᠦ᠂ ︽ᠬᠠᠷᠢᠭᠤᠴᠠᠯᠭᠠᠲᠤ ᠤᠢ︾ ᠶᠢ ᠰᠠᠶᠢᠲᠤᠷ ᠰᠠᠬᠢᠵᠤ᠂ ︽ᠬᠠᠷᠢᠭᠤᠴᠠᠯᠭᠠᠲᠤ ᠭᠤᠣᠯ︾ ᠢ ᠰᠠᠶᠢᠲᠤᠷ ᠬᠠᠮᠠᠭᠠᠯᠠᠨ᠎ᠠ᠃ ᠬᠤᠶᠠᠷ ᠲᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠃ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠᠷ ᠭᠤᠣᠯᠳᠠᠯᠭ᠎ᠠ ᠪᠣᠯᠭᠠᠵᠤ᠂ ᠵᠣᠷᠯᠣᠩ ᠤᠨ ᠬᠤᠪᠢᠰᠬᠠᠯ ᠢ ᠯᠠᠪᠳᠠᠭᠤᠨ ᠪᠠᠲᠤᠲᠠᠢ ᠥᠷᠨᠢᠭᠦᠯᠵᠦ᠂ 76 ᠲᠦᠮᠡᠨ ᠲᠥᠭᠦᠷᠢᠭ ᠤᠨ ᠪᠡᠯᠡ ᠣᠷᠣᠭᠤᠯᠵᠤ᠂ 200 ᠵᠣᠷᠯᠣᠩ ᠢ ᠰᠢᠨ᠎ᠡ ᠪᠠᠷ ᠪᠠᠶᠢᠭᠤᠯᠪᠠ᠃ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠴᠤᠭᠯᠠᠭᠤᠯᠵᠤ  ᠲᠡᠭᠡᠭᠡᠪᠦᠷᠢᠯᠡᠬᠦ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ 12 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠯᠦ ᠵᠢᠶᠠ ᠳ᠋ᠢᠶᠠᠨ ᠲᠣᠰᠬᠤᠨ ᠳᠤ ᠤᠷᠢᠳᠠᠪᠠᠷ ᠲᠤᠷᠰᠢᠯᠲᠠ ᠶᠢᠨ ᠴᠡᠭ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠵᠠᠰᠠᠬᠤ ᠵᠠᠭᠪᠤᠷ ᠢ ᠬᠡᠷᠡᠭᠵᠢᠭᠦᠯᠵᠦ᠂ ︽ᠨᠢᠭᠡ ᠡᠷᠦᠬᠡ ᠳᠤ ᠨᠢᠭᠡ ᠰᠠᠭᠤᠯᠭ᠎ᠠ᠂ ᠨᠢᠭᠡ ᠡᠳᠦᠷ ᠲᠤ ᠨᠢᠭᠡ ᠤᠳᠠᠭ᠎ᠠ ᠬᠤᠷᠢᠶᠠᠵᠤ᠂ ᠨᠢᠭᠡ ᠭᠠᠷᠠᠭ ᠲᠤ ᠨᠢᠭᠡ ᠴᠡᠪᠡᠷᠯᠡᠨ ᠲᠡᠭᠡᠭᠡᠪᠦᠷᠢᠯᠡᠬᠦ︾ ᠠᠵᠢᠯᠯᠠᠭᠠᠨ ᠤ ᠵᠠᠭᠪᠤᠷ ᠢ ᠬᠠᠶᠢᠨ ᠰᠦᠪᠡᠭᠴᠢᠯᠡᠵᠦ᠂ 237 ᠬᠤᠭ ᠨᠣᠪᠰᠢ ᠶᠢᠨ ᠰᠠᠪᠠ ᠲᠠᠯᠪᠢᠵᠤ ᠂ 2 ᠬᠤᠭ ᠨᠣᠪᠰᠢ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡ ᠶᠢ ᠰᠡᠯᠪᠢᠨ ᠵᠠᠰᠠᠪᠠ᠃  ᠭᠤᠷᠪᠠ ᠳᠤ᠂ ᠵᠠᠮ ᠤᠨ ᠲᠣᠣᠷ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠬᠥᠳᠡᠭᠡ ᠲᠣᠰᠬᠤᠨ ᠤ ︽ᠵᠠᠮ ᠤᠨ ᠲᠣᠣᠷ︾ ᠤᠨ ᠰᠠᠭᠤᠷᠢ ᠪᠡᠯᠡᠳᠬᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ 1575 ᠲᠦᠮᠡᠨ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ 3 ᠵᠤᠷᠪᠤᠰ᠂ 25.78  ᠺᠢᠯᠤᠮᠧᠲᠷ ᠢ ᠰᠢᠨ᠎ᠡ ᠪᠠᠷ ᠪᠠᠶᠢᠭᠤᠯᠤᠨ᠎ᠠ᠃ 425 ᠲᠦᠮᠡᠨ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠨᠡᠭᠦᠳᠡᠯ ᠠᠷᠠᠳ ᠤᠨ ᠲᠣᠭᠤᠷᠢᠭ ᠤᠨ ᠢᠵᠢ ᠪᠦᠷᠢᠳᠦᠭᠦᠯᠬᠦ ᠰᠠᠭᠤᠷᠢ ᠪᠡᠯᠡᠳᠬᠡᠮᠵᠢ ᠶᠢ ᠳᠡᠭᠡᠭᠰᠢᠯᠡᠭᠦᠯᠦᠨ ᠥᠭᠡᠷᠡᠴᠢᠯᠡᠬᠦ ᠲᠥᠷᠥᠯ ᠵᠦᠢᠯ ᠢ ᠬᠡᠷᠡᠭᠵᠢᠭᠦᠯᠦᠨ᠎ᠡ᠃  ᠲᠦᠷᠪᠡ ᠳᠤ᠂ ᠪᠣᠬᠢᠷᠲᠤᠯ ᠦᠭᠡᠢ ᠲᠠᠷᠢᠶᠠᠯᠠᠩ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠃ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ᠂ 2862 ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠥᠲᠥᠭᠡᠨ ᠪᠠᠶᠢᠭᠤᠯᠤᠨ᠎ᠠ᠃ ᠥᠨᠳᠥᠷ ᠪᠦᠲᠦᠮᠵᠢᠲᠡᠶ ᠤᠰᠤ ᠠᠷᠪᠢᠯᠠᠬᠤ ᠲᠠᠷᠢᠶᠠᠯᠠᠩ ᠢ ᠦᠷᠭᠦᠯᠵᠢᠯᠡᠨ ᠠᠬᠢᠭᠤᠯᠵᠤ᠂ ᠥᠨᠳᠥᠷ ᠪᠦᠲᠦᠮᠵᠢᠲᠡᠶ ᠤᠰᠤ ᠠᠷᠪᠢᠯᠠᠬᠤ ᠪᠦᠷᠬᠦᠪᠴᠢ ᠶᠢᠨ ᠳᠣᠤᠷ᠎ᠠ ᠳᠤᠰᠤᠯᠭᠠᠨ ᠤᠰᠤᠯᠠᠬᠤ ᠶᠢ 2.5 ᠲᠦᠮᠡᠨ ᠮᠥ  ᠳᠡᠯᠭᠡᠷᠡᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠶᠢᠨ ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠵᠦ᠂ 3.2 ᠲᠦᠮᠡᠨ ᠮᠥ ᠰᠦᠯᠢᠶᠣᠣ ᠪᠦᠷᠬᠦᠪᠴᠢ ᠶᠢ ᠬᠤᠷᠢᠶᠠᠨ ᠠᠪᠴᠤ᠂ ᠮᠠᠯ ᠵᠢᠭᠦᠷᠲᠡᠨ ᠤ ᠪᠠᠭᠠᠰᠤ ᠰᠢᠭᠡᠰᠦ ᠶᠢ ᠬᠤᠷᠢᠶᠠᠨ ᠠᠪᠴᠤ ᠠᠰᠢᠭᠯᠠᠬᠤ ᠨᠣᠷᠮ᠎ᠠ ᠶᠢ 100% ᠳᠤ ᠬᠦᠷᠦᠭᠦᠯᠦᠨ᠎ᠡ᠃ ᠲᠠᠪᠤ ᠳᠤ ᠰᠠᠭᠤᠭᠠᠯᠢ ᠠᠷᠠᠳ ᠢ ᠨᠡᠭᠦᠯᠭᠡᠬᠦ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ 278 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠼᠣᠣ ᠭᠧᠦ ᠮᠧᠨ ᠲᠣᠰᠬᠤᠨ ᠤ ᠭᠠᠵᠠᠷ ᠰᠢᠨᠵᠢᠯᠡᠭᠡᠨ ᠤ ᠭᠠᠮᠰᠢᠭ ᠤᠨ ᠳᠠᠯᠳᠠ ᠭᠡᠮ ᠤᠨ ᠴᠡᠭ ᠤᠨ ᠰᠠᠭᠤᠭᠠᠯᠢ ᠠᠷᠠᠳ ᠢ ᠨᠡᠭᠦᠯᠭᠡᠬᠦ ᠠᠵᠢᠯ ᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ 21 ᠡᠷᠦᠬᠡ 70 ᠬᠥᠮᠦᠨ ᠳᠤ ᠬᠤᠯᠪᠣᠭᠳᠠᠵᠤ᠂ ᠨᠥᠬᠦᠪᠥᠷᠢᠯᠡᠬᠦ ᠬᠡᠯᠡᠯᠴᠡᠭᠡᠷ ᠢ ᠨᠢᠭᠡᠨᠲᠡ ᠲᠤᠬᠳᠠᠪᠠ᠃
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号