ᠨᠢᠩᠴᠧᠩ ᠰᠢᠶᠠᠨ ᠤ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ ᠦᠨᠳᠦᠰᠦᠲᠡᠨ ᠤ ᠪᠦᠯᠬᠦᠮᠳᠡᠯ ᠤᠨ ᠵᠢᠱᠢᠶᠡᠴᠢ ᠪᠣᠯᠬᠤ ᠪᠠᠷ ᠴᠢᠷᠮᠠᠶᠢᠨ ᠡᠮᠴᠢ ᠡᠪᠡᠳᠴᠢᠲᠡᠨ ᠤ ᠡᠶ᠎ᠡ ᠵᠣᠬᠢᠴᠠᠯ ᠲᠠᠢ ᠬᠠᠷᠢᠴᠠᠭ᠎ᠠ ᠶᠢ ᠪᠠᠶᠢᠭᠤᠯᠤᠨ᠎ᠠ
ᠨᠡᠶᠢᠲᠡᠯᠡᠭᠰᠡᠨ ᠴᠠᠭ᠄
2024/8/29
    ᠨᠢᠭᠡ ᠳᠤ᠂ ︽ᠦᠨᠡᠨ ᠰᠡᠳᠬᠢᠯ︾ ᠢᠶᠠᠷ ᠤᠷᠢᠶᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠺᠠᠳ᠋ᠷ ᠠᠵᠢᠯᠲᠠᠨ ᠠᠵᠢᠯᠴᠢᠨ ᠤ ᠦᠨᠳᠦᠰᠦᠲᠡᠨ ᠤ ᠠᠵᠢᠯ ᠤᠨ ᠴᠢᠬᠤᠯᠠ ᠴᠢᠨᠠᠷ ᠤᠨ ᠲᠤᠬᠠᠶ ᠲᠠᠨᠢᠯᠲᠠ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃ ᠡᠮᠨᠡᠯᠭᠡ ᠶᠢᠨ ᠬᠤᠷᠢᠶᠠᠨ ᠤ ᠰᠦᠯᠵᠢᠶ᠎ᠡ᠂ ᠰᠠᠷ᠎ᠠ ᠶᠢᠨ ᠬᠤᠷᠠᠯ ᠵᠡᠷᠭᠡ ᠪᠠᠷ ᠳᠠᠮᠵᠢᠭᠤᠯᠤᠨ ᠠᠵᠢᠯᠲᠠᠨ ᠠᠵᠢᠯᠴᠢᠨ ᠳᠤ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠣᠯᠠᠨ ᠳᠤ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠭᠦᠨᠵᠡᠭᠡᠶ ᠣᠶᠢᠯᠠᠭᠠᠭᠤᠯᠬᠤ ᠶᠢᠨ ᠬᠠᠮᠲᠤ ᠦᠨᠡᠨ ᠰᠡᠳᠬᠢᠯ ᠠᠴᠠ ᠪᠠᠨ ᠬᠦᠷᠢᠶᠡᠯᠡᠵᠦ᠂ ᠦᠨᠳᠦᠰᠦᠲᠡᠨ ᠤ ᠪᠦᠯᠬᠦᠮᠳᠡᠯ ᠤᠨ ᠦᠵᠡᠯ ᠰᠠᠨᠠᠭᠠᠨ ᠤ ᠰᠠᠭᠤᠷᠢ ᠶᠢ ᠪᠠᠲᠤ ᠴᠤᠬᠴᠠᠯᠠᠪᠠ᠃    ᠬᠤᠶᠠᠷ ᠲᠤ᠂ ︽ᠰᠡᠳᠬᠢᠯ ᠵᠢᠷᠦᠬᠡ ᠪᠠᠨ ᠬᠤᠯᠪᠤᠨ︾ ᠬᠡᠷᠡᠭ ᠣᠴᠢᠷ ᠢ ᠭᠦᠢᠴᠡᠳᠭᠡᠵᠦ᠂ ᠦᠨᠳᠦᠰᠦᠲᠡᠨ ᠤ ᠪᠦᠯᠬᠦᠮᠳᠡᠯ ᠤᠨ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠬᠥᠮᠥᠵᠢᠭᠦᠯᠵᠦ᠂ 2023 ᠣᠨ ᠤ 8 ᠰᠠᠷ᠎ᠠ ᠳᠤ ᠮᠣᠩᠭᠤᠯ ᠡᠮᠨᠡᠯᠭᠡ ᠶᠢᠨ ᠤᠯᠠᠮᠵᠢᠯᠠᠯᠲᠤ ᠡᠮᠴᠢᠯᠡᠭᠡᠨ ᠤ ᠮᠡᠷᠭᠡᠵᠢᠯ᠂ ᠮᠣᠩᠭᠤᠯ ᠡᠮᠨᠡᠯᠭᠡ ᠶᠢᠨ ᠪᠡᠶ᠎ᠡ ᠰᠡᠳᠬᠢᠯ ᠤᠨ ᠠᠨᠠᠭᠠᠬᠤ ᠤᠬᠠᠭᠠᠨ ᠤ ᠰᠠᠯᠠᠭ᠎ᠠ ᠶᠢ ᠪᠠᠶᠢᠭᠤᠯᠵᠤ᠂ ᠰᠠᠯᠠᠭ᠎ᠠ ᠲᠠᠰᠤᠭ ᠨᠢ ︽ᠮᠣᠩᠭᠤᠯ ᠡᠮᠨᠡᠯᠭᠡ ᠶᠢᠨ ᠲᠠᠪᠤᠨ ᠵᠠᠰᠠᠯ ᠤᠨ ᠠᠷᠭ᠎ᠠ︾ ᠶᠢᠨ ᠠᠷᠢᠬᠢᠨ ᠵᠠᠰᠠᠯ᠂ ᠦᠬᠡᠷ ᠤᠨ ᠡᠪᠡᠷ ᠤᠨ ᠵᠡᠰ ᠰᠠᠪᠠ ᠵᠡᠷᠭᠡ ᠮᠣᠩᠭᠤᠯ ᠡᠮᠨᠡᠯᠭᠡ ᠶᠢᠨ ᠤᠯᠠᠮᠵᠢᠯᠠᠯᠲᠤ ᠪᠣᠬᠢᠷᠲᠤᠯ ᠦᠭᠡᠢ ᠵᠠᠰᠠᠯ ᠢ ᠬᠡᠷᠡᠭᠯᠡᠬᠦ ᠶᠢᠨ ᠬᠠᠮᠲᠤ ᠮᠣᠩᠭᠤᠯ ᠡᠮ ᠲᠠᠢ ᠤᠶᠠᠯᠳᠤᠭᠤᠯᠤᠨ ᠬᠦᠵᠦᠭᠦᠦ ᠰᠡᠭᠡᠷ ᠤᠨ ᠡᠪᠡᠳᠴᠢᠨ᠂ ᠨᠢᠷᠤᠭᠤ ᠶᠢᠨ ᠪᠤᠯᠴᠢᠩ ᠤᠨ ᠶᠠᠳᠠᠷᠠᠯ ᠵᠦᠳᠡᠷᠡᠯ ᠵᠡᠷᠭᠡ ᠡᠪᠡᠳᠴᠢᠨ ᠢ ᠵᠠᠰᠠᠵᠠᠢ᠃ ᠨᠢᠳᠣᠨᠣᠨ ᠤ ᠨᠠᠢᠮᠠᠳᠤᠭᠠᠷ ᠰᠠᠷ᠎ᠠ ᠳᠤ ᠮᠣᠩᠭᠤᠯ ᠡᠮᠨᠡᠯᠭᠡ ᠶᠢᠨ ᠰᠠᠯᠠᠭ᠎ᠠ ᠶᠢ ᠨᠡᠬᠡᠬᠡᠵᠦ᠂ 10 ᠰᠠᠷ᠎ᠠ ᠶᠢᠨ ᠴᠠᠭ ᠢ ᠵᠠᠷᠤᠴᠠᠭᠤᠯᠵᠤ ᠮᠣᠩᠭᠤᠯ ᠡᠮᠨᠡᠯᠭᠡ ᠶᠢᠨ ᠪᠡᠶ᠎ᠡ ᠰᠡᠳᠬᠢᠴᠠ ᠶᠢᠨ ᠦᠢᠯᠡᠳᠦᠯᠴᠡᠬᠦ ᠵᠠᠰᠠᠯᠭ᠎ᠠ ᠨᠡᠶᠢᠳᠡ 28918 ᠤᠳᠠᠭ᠎ᠠ ᠦᠷᠨᠢᠬᠦᠯᠵᠦ᠂ ᠮᠣᠩᠭᠤᠯ ᠡᠮᠨᠡᠯᠭᠡ ᠶᠢᠨ ᠣᠨᠴᠠᠯᠢᠭᠲᠤ ᠵᠠᠰᠠᠯᠭ᠎ᠠ 1500 ᠭᠠᠷᠣᠢ ᠣᠳᠠᠭ᠎ᠠ ᠪᠠᠶᠢᠵᠦ᠂ ᠡᠪᠡᠳᠴᠢᠳᠡᠨ ᠤ ᠲᠤᠭ᠎ᠠ 3000 ᠭᠠᠷᠣᠢ ᠬᠦᠮᠦᠨ ᠣᠳᠠᠭ᠎ᠠ ᠳᠤ ᠬᠦᠷᠪᠡ᠃    ᠭᠤᠷᠪᠠ ᠳᠤ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾᠂ ︽ᠠᠷᠠᠳ ᠣᠯᠠᠨ ᠤ ᠡᠷᠡᠭᠦᠯ ᠮᠡᠨᠳᠦ ᠳᠤ ᠦᠢᠯᠡᠴᠢᠯᠡᠬᠦ ᠠᠵᠢᠯᠯᠠᠭ᠎ᠠ︾᠂ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠵᠡᠷᠭᠡ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠦᠨᠳᠦᠰᠦᠨ ᠱᠠᠲᠤᠨ ᠳᠤ ᠭᠦᠨᠵᠡᠭᠡᠶᠢᠷᠡᠨ ᠬᠢᠲᠠᠳ ᠡᠮ ᠡᠮᠨᠡᠯᠭᠡ ᠶᠢᠨ ᠵᠠᠰᠠᠯᠲᠠ᠂ ᠪᠡᠶ᠎ᠡ ᠰᠤᠪᠢᠯᠠᠯᠲᠠ᠂ ᠡᠮ ᠡᠮᠨᠡᠯᠭᠡ ᠬᠦᠷᠭᠡᠬᠦ ᠵᠡᠷᠭᠡ ᠠᠯᠪᠠᠨ ᠵᠢᠷᠤᠮ ᠤᠨ ᠡᠮᠴᠢᠯᠡᠭᠡᠨ ᠤ ᠦᠢᠯᠡᠴᠢᠯᠡᠭᠡᠨ ᠤ ᠠᠵᠢᠯᠯᠠᠭ᠎ᠠ ᠶᠢ 200 ᠭᠠᠷᠤᠶ ᠤᠳᠠᠭ᠎ᠠ ᠥᠷᠨᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠨᠳᠦᠰᠦᠲᠡᠨ ᠤ ᠪᠦᠯᠬᠦᠮᠳᠡᠯ ᠢ ᠬᠦᠴᠦᠲᠡᠶ ᠬᠠᠮᠠᠭᠠᠯᠠᠵᠤ᠂ ᠡᠷᠡᠭᠦᠯ ᠡᠩᠬᠡ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠳᠤ ᠨᠠᠩ ᠢᠳᠡᠪᠬᠢᠲᠡᠶ ᠬᠤᠪᠢ ᠨᠡᠮᠡᠷᠢ ᠦᠵᠡᠭᠦᠯᠪᠡ᠃
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号