| | | | | | ᠨᠢᠭᠡ ᠳᠤ᠂ ︽ᠦᠨᠡᠨ ᠰᠡᠳᠬᠢᠯ︾ ᠢᠶᠠᠷ ᠤᠷᠢᠶᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ | ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ | ᠰᠤᠷᠤᠯᠴᠠᠨ ᠲᠤᠭᠤᠰᠢᠯᠠᠭᠤᠯᠵᠤ᠂ ᠺᠠᠳ᠋ᠷ ᠠᠵᠢᠯᠲᠠᠨ ᠠᠵᠢᠯᠴᠢᠨ ᠤ ᠦᠨᠳᠦᠰᠦᠲᠡᠨ ᠤ ᠠᠵᠢᠯ ᠤᠨ ᠴᠢᠬᠤᠯᠠ | ᠴᠢᠨᠠᠷ ᠤᠨ ᠲᠤᠬᠠᠶ ᠲᠠᠨᠢᠯᠲᠠ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃ ᠡᠮᠨᠡᠯᠭᠡ ᠶᠢᠨ ᠬᠤᠷᠢᠶᠠᠨ ᠤ ᠰᠦᠯᠵᠢᠶ᠎ᠡ᠂ | ᠰᠠᠷ᠎ᠠ ᠶᠢᠨ ᠬᠤᠷᠠᠯ ᠵᠡᠷᠭᠡ ᠪᠠᠷ ᠳᠠᠮᠵᠢᠭᠤᠯᠤᠨ ᠠᠵᠢᠯᠲᠠᠨ ᠠᠵᠢᠯᠴᠢᠨ ᠳᠤ ᠦᠨᠳᠦᠰᠦᠲᠡᠨ ᠤ ᠲᠥᠷᠥ ᠶᠢᠨ ᠪᠣᠳᠣᠯᠭ᠎ᠠ | ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠣᠯᠠᠨ ᠳᠤ ᠨᠠᠮ ᠤᠨ ᠦᠨᠳᠦᠰᠦᠲᠡᠨ ᠤ ᠲᠥᠷᠥ ᠶᠢᠨ | ᠪᠣᠳᠣᠯᠭ᠎ᠠ ᠶᠢ ᠭᠦᠨᠵᠡᠭᠡᠶ ᠣᠶᠢᠯᠠᠭᠠᠭᠤᠯᠬᠤ ᠶᠢᠨ ᠬᠠᠮᠲᠤ ᠦᠨᠡᠨ ᠰᠡᠳᠬᠢᠯ ᠠᠴᠠ ᠪᠠᠨ ᠬᠦᠷᠢᠶᠡᠯᠡᠵᠦ᠂ | ᠦᠨᠳᠦᠰᠦᠲᠡᠨ ᠤ ᠪᠦᠯᠬᠦᠮᠳᠡᠯ ᠤᠨ ᠦᠵᠡᠯ ᠰᠠᠨᠠᠭᠠᠨ ᠤ ᠰᠠᠭᠤᠷᠢ ᠶᠢ ᠪᠠᠲᠤ ᠴᠤᠬᠴᠠᠯᠠᠪᠠ᠃ ᠬᠤᠶᠠᠷ ᠲᠤ᠂ ︽ | ᠰᠡᠳᠬᠢᠯ ᠵᠢᠷᠦᠬᠡ ᠪᠠᠨ ᠬᠤᠯᠪᠤᠨ︾ ᠬᠡᠷᠡᠭ ᠣᠴᠢᠷ ᠢ ᠭᠦᠢᠴᠡᠳᠭᠡᠵᠦ᠂ ᠦᠨᠳᠦᠰᠦᠲᠡᠨ ᠤ ᠪᠦᠯᠬᠦᠮᠳᠡᠯ ᠤᠨ ᠭᠦᠨ | ᠵᠤᠵᠠᠭᠠᠨ ᠬᠠᠶᠢᠷ᠎ᠠ ᠰᠡᠳᠬᠢᠯᠭᠡ ᠶᠢ ᠬᠥᠮᠥᠵᠢᠭᠦᠯᠵᠦ᠂ 2023 ᠣᠨ ᠤ 8 ᠰᠠᠷ᠎ᠠ ᠳᠤ ᠮᠣᠩᠭᠤᠯ ᠡᠮᠨᠡᠯᠭᠡ ᠶᠢᠨ | ᠤᠯᠠᠮᠵᠢᠯᠠᠯᠲᠤ ᠡᠮᠴᠢᠯᠡᠭᠡᠨ ᠤ ᠮᠡᠷᠭᠡᠵᠢᠯ᠂ ᠮᠣᠩᠭᠤᠯ ᠡᠮᠨᠡᠯᠭᠡ ᠶᠢᠨ ᠪᠡᠶ᠎ᠡ ᠰᠡᠳᠬᠢᠯ ᠤᠨ ᠠᠨᠠᠭᠠᠬᠤ ᠤᠬᠠᠭᠠᠨ ᠤ | ᠰᠠᠯᠠᠭ᠎ᠠ ᠶᠢ ᠪᠠᠶᠢᠭᠤᠯᠵᠤ᠂ ᠰᠠᠯᠠᠭ᠎ᠠ ᠲᠠᠰᠤᠭ ᠨᠢ ︽ᠮᠣᠩᠭᠤᠯ ᠡᠮᠨᠡᠯᠭᠡ ᠶᠢᠨ ᠲᠠᠪᠤᠨ ᠵᠠᠰᠠᠯ ᠤᠨ ᠠᠷᠭ᠎ᠠ︾ ᠶᠢᠨ | ᠠᠷᠢᠬᠢᠨ ᠵᠠᠰᠠᠯ᠂ ᠦᠬᠡᠷ ᠤᠨ ᠡᠪᠡᠷ ᠤᠨ ᠵᠡᠰ ᠰᠠᠪᠠ ᠵᠡᠷᠭᠡ ᠮᠣᠩᠭᠤᠯ ᠡᠮᠨᠡᠯᠭᠡ ᠶᠢᠨ ᠤᠯᠠᠮᠵᠢᠯᠠᠯᠲᠤ ᠪᠣᠬᠢᠷᠲᠤᠯ | ᠦᠭᠡᠢ ᠵᠠᠰᠠᠯ ᠢ ᠬᠡᠷᠡᠭᠯᠡᠬᠦ ᠶᠢᠨ ᠬᠠᠮᠲᠤ ᠮᠣᠩᠭᠤᠯ ᠡᠮ ᠲᠠᠢ ᠤᠶᠠᠯᠳᠤᠭᠤᠯᠤᠨ ᠬᠦᠵᠦᠭᠦᠦ ᠰᠡᠭᠡᠷ ᠤᠨ ᠡᠪᠡᠳᠴᠢᠨ᠂ | ᠨᠢᠷᠤᠭᠤ ᠶᠢᠨ ᠪᠤᠯᠴᠢᠩ ᠤᠨ ᠶᠠᠳᠠᠷᠠᠯ ᠵᠦᠳᠡᠷᠡᠯ ᠵᠡᠷᠭᠡ ᠡᠪᠡᠳᠴᠢᠨ ᠢ ᠵᠠᠰᠠᠵᠠᠢ᠃ ᠨᠢᠳᠣᠨᠣᠨ ᠤ ᠨᠠᠢᠮᠠᠳᠤᠭᠠᠷ | ᠰᠠᠷ᠎ᠠ ᠳᠤ ᠮᠣᠩᠭᠤᠯ ᠡᠮᠨᠡᠯᠭᠡ ᠶᠢᠨ ᠰᠠᠯᠠᠭ᠎ᠠ ᠶᠢ ᠨᠡᠬᠡᠬᠡᠵᠦ᠂ 10 ᠰᠠᠷ᠎ᠠ ᠶᠢᠨ ᠴᠠᠭ ᠢ ᠵᠠᠷᠤᠴᠠᠭᠤᠯᠵᠤ ᠮᠣᠩᠭᠤᠯ | ᠡᠮᠨᠡᠯᠭᠡ ᠶᠢᠨ ᠪᠡᠶ᠎ᠡ ᠰᠡᠳᠬᠢᠴᠠ ᠶᠢᠨ ᠦᠢᠯᠡᠳᠦᠯᠴᠡᠬᠦ ᠵᠠᠰᠠᠯᠭ᠎ᠠ ᠨᠡᠶᠢᠳᠡ 28918 ᠤᠳᠠᠭ᠎ᠠ ᠦᠷᠨᠢᠬᠦᠯᠵᠦ᠂ | ᠮᠣᠩᠭᠤᠯ ᠡᠮᠨᠡᠯᠭᠡ ᠶᠢᠨ ᠣᠨᠴᠠᠯᠢᠭᠲᠤ ᠵᠠᠰᠠᠯᠭ᠎ᠠ 1500 ᠭᠠᠷᠣᠢ ᠣᠳᠠᠭ᠎ᠠ ᠪᠠᠶᠢᠵᠦ᠂ ᠡᠪᠡᠳᠴᠢᠳᠡᠨ ᠤ ᠲᠤᠭ᠎ᠠ | 3000 ᠭᠠᠷᠣᠢ ᠬᠦᠮᠦᠨ ᠣᠳᠠᠭ᠎ᠠ ᠳᠤ ᠬᠦᠷᠪᠡ᠃ ᠭᠤᠷᠪᠠ ᠳᠤ᠂ ︽ᠤᠭ ᠰᠠᠨᠠᠭ᠎ᠠ ᠪᠠᠨ ᠦᠯᠦ ᠮᠠᠷᠲᠠᠵᠤ᠂ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾᠂ ︽ᠠᠷᠠᠳ ᠣᠯᠠᠨ ᠤ ᠡᠷᠡᠭᠦᠯ ᠮᠡᠨᠳᠦ ᠳᠤ ᠦᠢᠯᠡᠴᠢᠯᠡᠬᠦ | ᠠᠵᠢᠯᠯᠠᠭ᠎ᠠ︾᠂ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠵᠡᠷᠭᠡ ᠠᠵᠢᠯᠯᠠᠭ᠎ᠠ ᠶᠢ | ᠪᠠᠶᠢᠩᠭᠤᠵᠢᠭᠤᠯᠤᠨ ᠥᠷᠨᠢᠭᠦᠯᠵᠦ᠂ ᠦᠨᠳᠦᠰᠦᠨ ᠱᠠᠲᠤᠨ ᠳᠤ ᠭᠦᠨᠵᠡᠭᠡᠶᠢᠷᠡᠨ ᠬᠢᠲᠠᠳ ᠡᠮ ᠡᠮᠨᠡᠯᠭᠡ ᠶᠢᠨ ᠵᠠᠰᠠᠯᠲᠠ | ᠂ ᠪᠡᠶ᠎ᠡ ᠰᠤᠪᠢᠯᠠᠯᠲᠠ᠂ ᠡᠮ ᠡᠮᠨᠡᠯᠭᠡ ᠬᠦᠷᠭᠡᠬᠦ ᠵᠡᠷᠭᠡ ᠠᠯᠪᠠᠨ ᠵᠢᠷᠤᠮ ᠤᠨ ᠡᠮᠴᠢᠯᠡᠭᠡᠨ ᠤ ᠦᠢᠯᠡᠴᠢᠯᠡᠭᠡᠨ ᠤ | ᠠᠵᠢᠯᠯᠠᠭ᠎ᠠ ᠶᠢ 200 ᠭᠠᠷᠤᠶ ᠤᠳᠠᠭ᠎ᠠ ᠥᠷᠨᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠵᠣᠯ | ᠵᠢᠷᠭᠠᠯ ᠤᠨ ᠵᠢᠭᠠᠯᠲᠠ ᠲᠤᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠨᠳᠦᠰᠦᠲᠡᠨ ᠤ ᠪᠦᠯᠬᠦᠮᠳᠡᠯ ᠢ | ᠬᠦᠴᠦᠲᠡᠶ ᠬᠠᠮᠠᠭᠠᠯᠠᠵᠤ᠂ ᠡᠷᠡᠭᠦᠯ ᠡᠩᠬᠡ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠳᠤ ᠨᠠᠩ ᠢᠳᠡᠪᠬᠢᠲᠡᠶ | ᠬᠤᠪᠢ ᠨᠡᠮᠡᠷᠢ ᠦᠵᠡᠭᠦᠯᠪᠡ᠃ | | |