| ᠨᠢᠭᠡ ᠳᠤ᠂ ᠡᠮᠬᠢ ᠵᠠᠮᠪᠠᠷᠠᠭ᠎ᠠ ᠦᠭᠡᠢ ᠦᠵᠡᠭᠳᠡᠯ ᠢ ᠵᠠᠰᠠᠨ᠎ᠠ᠃ ᠥᠪᠡᠷ ᠤᠨ ᠪᠠᠶᠢᠴᠠᠭᠠᠯᠲᠠ ᠶᠢ ᠪᠥᠬᠦ | ᠲᠠᠯ᠎ᠠ ᠪᠠᠷ ᠡᠮᠬᠢᠯᠡᠵᠦ᠂ ᠦᠨᠳᠦᠰᠦ ᠰᠤᠷᠪᠤᠯᠵᠢ ᠶᠢᠨ ᠠᠰᠠᠭᠤᠳᠠᠯ ᠢ ᠰᠢᠢᠳᠪᠤᠷᠢᠯᠡᠨ᠂ ᠦᠨᠳᠦᠰᠦᠨ ᠱᠠᠲᠤᠨ ᠤ | ᠵᠠᠰᠠᠯᠲᠠ ᠶᠢᠨ ᠦᠷ᠎ᠡ ᠪᠦᠲᠦᠮᠵᠢ ᠶᠢᠨ ᠳᠡᠭᠡᠭᠰᠢᠯᠡᠯᠲᠡ ᠶᠢ ᠠᠬᠢᠭᠤᠯᠵᠤ᠂ ᠪᠠᠯᠭᠠᠰᠤᠨ ᠤ ᠱᠠᠲᠤᠨ ᠤ ︽ᠳᠥᠷᠪᠡ ᠶᠢ | ᠢᠯᠭᠠᠷᠠᠭᠤᠯᠤᠨ ᠬᠤᠶᠠᠷ ᠢ ᠴᠢᠩᠭᠠᠳᠬᠠᠬᠤ︾ ᠲᠤᠰᠬᠠᠶ ᠠᠵᠢᠯᠯᠠᠭ᠎ᠠ ᠶᠢ ᠭᠦᠨᠵᠡᠭᠡᠶ ᠳᠥᠯᠭᠢᠨ ᠠᠬᠢᠭᠤᠯᠵᠤ᠂ | ᠪᠠᠯᠭᠠᠰᠤᠨ ᠤ ᠱᠠᠲᠤᠨ ᠤ ᠡᠭᠦᠷᠭᠡ ᠬᠠᠷᠢᠭᠤᠴᠠᠯᠭ᠎ᠠ ᠶᠢᠨ ᠵᠤᠶᠢᠯᠡᠰ ᠤᠨ 143 ᠵᠤᠶᠢᠯ ᠤᠨ ᠨᠠᠷᠢᠨ | ᠬᠠᠭᠤᠳᠠᠰᠤ ᠶᠢ ᠲᠣᠭᠲᠠᠭᠠᠵᠤ᠂ ︽ᠨᠢᠭᠡ ᠲᠣᠰᠬᠤᠨ ᠳᠤ ᠨᠢᠭᠡ ᠲᠥᠷᠥ ᠶᠢᠨ ᠪᠣᠳᠣᠯᠭ᠎ᠠ︾ ᠳᠤ ᠪᠥᠬᠦ ᠪᠠᠯᠭᠠᠰᠤᠨ ᠤ | 16 ᠲᠣᠰᠬᠤᠨ ᠤ ᠱᠠᠲᠤᠨ ᠤ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠠᠵᠢᠯ ᠤᠨ | ᠵᠤᠶᠢᠯᠡᠰ ᠤᠨ ᠨᠠᠷᠢᠨ ᠬᠠᠭᠤᠳᠠᠰᠤ ᠪᠠ ᠲᠣᠰᠬᠤᠨ ᠤ ᠱᠠᠲᠤᠨ ᠤ ᠭᠡᠷᠡᠴᠢᠯᠡᠬᠦ ᠵᠤᠶᠢᠯᠡᠰ ᠢ ᠲᠣᠳᠣᠷᠬᠠᠶ ᠲᠣᠭᠲᠠᠭᠠᠪᠠ᠃ | ᠨᠢᠭᠡ ᠴᠣᠩᠬᠤ ᠪᠠᠷ ᠪᠦᠬᠦᠨ ᠢ ᠭᠦᠢᠴᠡᠳᠭᠡᠬᠦ ᠶᠢ ᠠᠬᠢᠭᠤᠯᠵᠤ᠂ ︽ᠨᠢᠭᠡ ᠥᠷᠲᠡᠭᠡ ᠣᠯᠠᠨ ᠴᠢᠳᠠᠪᠬᠢ᠂ ᠨᠢᠭᠡ | ᠠᠵᠢᠯ ᠤᠨ ᠪᠠᠶᠢᠷᠢ ᠣᠯᠠᠨ ᠬᠠᠷᠢᠭᠤᠴᠠᠯᠭ᠎ᠠ ᠡᠭᠦᠷᠭᠡᠯᠡᠬᠦ︾ ᠱᠠᠭᠠᠷᠳᠠᠯᠭ᠎ᠠ ᠶᠣᠰᠣᠭᠠᠷ ︽ᠨᠢᠭᠡ ᠥᠷᠲᠡᠭᠡᠨ ᠤ ᠮᠠᠶ᠋ᠢᠭ︾ | ᠤᠨ ᠦᠢᠯᠡᠴᠢᠯᠡᠭᠡ ᠶᠢ ᠥᠷᠨᠢᠭᠦᠯᠵᠦ᠂ ︽1 ᠦᠢᠯᠡᠴᠢᠯᠡᠭᠡᠨ ᠤ ᠴᠣᠩᠬᠤ + 4 ᠫᠠᠶᠢᠰᠠ + 2 ᠢᠯᠡᠷᠬᠡᠶᠢᠯᠡᠯ︾ | ᠤᠨ ︽1 +4+ 2︾ ᠠᠵᠢᠯ ᠤᠨ ᠪᠠᠷᠢᠮᠵᠢᠶ᠎ᠠ ᠶᠢ ᠪᠠᠶᠢᠭᠤᠯᠵᠤ᠂ ᠪᠥᠬᠦ ᠪᠠᠯᠭᠠᠰᠤ ᠪᠠᠷ ᠢᠶᠠᠨ ᠡᠯ᠎ᠡ ᠲᠥᠷᠥᠯ ᠤᠨ | ᠡᠮᠬᠢ ᠵᠢᠮᠪᠠᠷᠠᠭᠠ ᠦᠭᠡᠢ ᠫᠠᠶᠢᠰᠠ ᠢᠯᠡᠷᠬᠡᠶᠢᠯᠡᠯ ᠢ 84 ᠠᠷᠢᠯᠭᠠᠪᠠ᠃ | ᠬᠤᠶᠠᠷ ᠲᠤ᠂ ︽ᠬᠦᠴᠦᠷᠬᠡᠭ︾ ᠡᠩᠨᠡᠭᠡ ᠶᠢ ᠪᠠᠶᠢᠭᠤᠯᠵᠦ ᠦᠨᠳᠦᠰᠦᠨ ᠱᠠᠲᠤᠨ ᠳᠤ ᠬᠦᠴᠦᠨ ᠴᠡᠨᠡᠭᠯᠡᠨ᠎ᠡ᠃ | ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠡᠯᠡᠳᠬᠡᠯ ᠺᠠᠳ᠋ᠷ ᠴᠢᠳᠠᠪᠤᠷᠢᠲᠠᠨ ᠢ ᠬᠥᠮᠦᠵᠢᠭᠦᠯᠬᠦ | ᠬᠠᠷᠠᠯᠲᠠ ᠶᠢᠨ ᠱᠠᠭᠠᠷᠳᠠᠯᠭ᠎ᠠ ᠲᠠᠢ ᠤᠶᠠᠯᠳᠤᠭᠤᠯᠤᠨ᠂ ᠰᠢᠶᠠᠩ ᠤᠨ ᠲᠤᠭ᠎ᠠ ᠨᠤᠷᠮ᠎ᠠ ᠶᠢ ᠲᠣᠰᠬᠤᠨ ᠳᠤ ᠬᠡᠷᠡᠭᠯᠡᠬᠦ᠂ | ᠴᠡᠷᠢᠭ ᠤᠨ ᠠᠯᠪᠠᠨ ᠠᠴᠠ ᠬᠠᠯᠠᠭᠳᠠᠭᠰᠠᠳ᠂ ᠪᠠᠶᠠᠵᠢᠯ ᠤᠨ ᠳᠠᠭᠠᠭᠤᠯᠤᠭᠴᠢ ᠴᠢᠳᠠᠪᠤᠷᠢᠲᠠᠨ ᠵᠡᠷᠭᠡ ᠪᠡᠯᠡᠳᠬᠡᠯ | ᠬᠦᠴᠦᠨ ᠤ ᠲᠣᠰᠬᠤᠨ ᠤ ︽ᠬᠤᠶᠠᠷ ᠵᠥᠪᠯᠡᠯ︾ ᠤᠨ ᠪᠠᠭ ᠲᠤ ᠣᠷᠣᠬᠤ ᠶᠢ ᠠᠬᠢᠭᠤᠯᠵᠤ᠂ ᠲᠣᠰᠬᠤᠨ ᠤ | ᠱᠠᠲᠤᠨ ᠤ ᠪᠡᠯᠡᠳᠬᠡᠯ ᠺᠠᠳ᠋ᠷ ᠴᠢᠳᠠᠪᠤᠷᠢᠲᠠᠨ ᠤ ᠨᠥᠭᠡᠴᠡ ᠶᠢᠨ ᠬᠥᠮᠥᠷᠭᠡ ᠪᠠᠶᠢᠭᠤᠯᠵᠤ᠂ ᠡᠯ᠎ᠡ ᠲᠥᠷᠥᠯ ᠤᠨ | ᠰᠢᠯᠢᠳᠡᠭ ᠴᠢᠳᠠᠪᠤᠷᠢᠲᠠᠨ ᠢ 42 ᠬᠥᠮᠦᠨ ᠨᠥᠭᠡᠴᠡᠯᠡᠵᠦ᠂ 96 ᠬᠥᠮᠦᠨ ᠤ ᠨᠤᠲᠤᠭ ᠤᠨ ᠴᠢᠳᠠᠪᠤᠷᠢᠲᠠᠨ ᠤ | ᠡᠩᠨᠡᠭᠡ ᠶᠢ ᠵᠣᠬᠢᠶᠠᠨ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠡᠬᠢ ᠰᠤᠷᠪᠤᠯᠵᠢ | ᠨᠡᠮᠡᠷᠢᠯᠡᠪᠡ᠃ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢ ᠶᠢ ᠳᠡᠭᠡᠭᠰᠢᠯᠡᠭᠦᠯᠬᠦ︾ ᠲᠤᠰᠬᠠᠶ | ᠰᠡᠳᠦᠪᠲᠦ ᠪᠣᠯᠪᠠᠰᠤᠷᠠᠯ ᠤᠨ ᠠᠩᠭᠢ᠂ ︽ᠬᠤᠶᠠᠷ ᠰᠢᠯᠢᠳᠡᠭ ᠨᠢᠭᠡ ᠲᠡᠷᠢᠭᠦᠨ︾ ᠢ ᠰᠣᠩᠭᠤᠨ ᠭᠠᠷᠭᠠᠬᠤ ᠵᠡᠷᠭᠡ | ᠡᠯ᠎ᠡ ᠲᠥᠷᠥᠯ ᠤᠨ ᠠᠵᠢᠯᠯᠠᠭ᠎ᠠ ᠶᠢ 20 ᠭᠠᠷᠤᠶ ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠪᠡ᠃ ᠺᠠᠳ᠋ᠷᠴᠤᠳ ᠤᠨ | ︽ᠭᠠᠳᠠᠭᠰᠢ ᠭᠠᠷᠬᠤ︾᠂ ︽ᠰᠤᠷᠤᠯᠴᠠᠬᠤ︾ ᠶᠢ ᠵᠣᠷᠢᠭᠵᠢᠭᠤᠯᠤᠨ ᠬᠦᠳᠦᠯᠦᠨ ᠵᠢᠯᠣᠭᠤᠳᠴᠤ᠂ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ ᠦᠢᠯᠡᠰ ᠤᠨ ᠬᠥᠭᠵᠢᠯᠲᠡ ᠵᠡᠷᠭᠡ ᠲᠤᠰᠬᠠᠢ ᠰᠡᠳᠦᠪᠲᠦ | ᠪᠣᠯᠪᠠᠰᠤᠷᠠᠯ ᠢ 2 ᠤᠳᠠᠭ᠎ᠠ ᠥᠷᠨᠢᠭᠦᠯᠵᠦ᠂ ᠲᠡᠷᠢᠭᠦᠨ ᠤ ᠬᠢ ᠲᠠᠢ ᠬᠠᠷᠢᠴᠠᠭᠤᠯᠬᠤ᠂ ᠤᠯᠠᠷᠢᠭᠤᠯᠤᠨ | ᠦᠢᠯᠡᠳᠦᠯᠭᠡᠵᠢᠭᠦᠯᠬᠦ ᠰᠤᠷᠤᠯᠴᠠᠯᠭ᠎ᠠ ᠶᠢᠨ ᠠᠭᠤᠷ ᠠᠮᠢᠰᠬᠤᠯ ᠢ ᠪᠤᠢ ᠪᠣᠯᠭᠠᠵᠤ᠂ ᠨᠠᠮ ᠤᠨ ᠭᠡᠰᠢᠭᠦᠨ ᠺᠠᠳ᠋ᠷᠴᠤᠳ ᠤᠨ | ᠲᠥᠪ ᠭᠤᠣᠯᠴᠢ ᠪᠠᠷ ᠰᠢᠨ᠎ᠡ ᠶᠢ ᠡᠭᠦᠳᠬᠦ᠂ ᠬᠦᠴᠢᠷ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ | ᠠᠯᠬᠤᠮ ᠳᠡᠭᠡᠭᠰᠢᠯᠡᠭᠦᠯᠪᠡ᠃ | ᠭᠤᠷᠪᠠ ᠳᠤ᠂ ᠬᠦᠴᠦ ᠪᠠᠨ ᠬᠠᠮᠲᠤᠳᠬᠠᠨ ᠦᠨᠳᠦᠰᠦᠨ ᠱᠠᠲᠤᠨ ᠳᠤ ᠠᠮᠢᠵᠢᠷᠠᠯ ᠤᠨ ᠬᠦᠴᠦᠨ ᠨᠡᠮᠡᠷᠢᠯᠡᠨ᠎ᠡ᠃ | ︽ᠨᠠᠮ ᠤᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠬᠤ᠂ ᠠᠭᠤᠰᠤᠯᠴᠠᠭᠤᠯᠤᠨ ᠬᠠᠮᠲᠤᠪᠠᠷ ᠵᠠᠰᠠᠬᠤ︾ | ᠰᠡᠳᠬᠢᠴᠡ ᠶᠣᠰᠣᠭᠠᠷ᠂ ᠨᠠᠮ ᠵᠠᠰᠠᠭ ᠤᠨ ᠤᠳᠤᠷᠢᠳᠬᠤ ᠪᠠᠭ ᠲᠦᠷᠦᠭᠦᠯᠡᠨ ᠰᠤᠷᠪᠤᠯᠵᠢᠯᠠᠭ᠎ᠠ ᠶᠢ ᠬᠦᠯᠢᠶᠡᠨ ᠠᠪᠬᠤ᠂ | ᠳᠣᠷᠣᠭᠰᠢ ᠪᠠᠭᠤᠵᠤ ᠰᠤᠷᠪᠤᠯᠵᠢᠯᠠᠬᠤ ᠶᠢ ᠬᠡᠷᠡᠭᠵᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ 10 ᠬᠤᠪᠢ | ᠪᠦᠬᠦᠨ ᠢ ᠲᠣᠬᠢᠲᠠᠶ ᠰᠢᠢᠳᠪᠦᠷᠢᠯᠡᠵᠦ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ 2 ᠬᠤᠪᠢ ᠠᠷᠢᠯᠭᠠᠪᠠ | ᠃ ᠬᠠᠤᠯᠢ ᠴᠠᠭᠠᠵᠠ ᠶᠢᠨ ᠭᠠᠵᠠᠷ᠂ ᠲᠣᠮᠢᠯᠠᠭᠰᠠᠨ ᠰᠠᠯᠪᠤᠷᠢ᠂ ᠬᠠᠤᠯᠢ ᠬᠡᠷᠡᠭᠵᠢᠭᠦᠯᠬᠦ ᠲᠣᠪᠴᠢᠶ᠎ᠠ᠂ ᠠᠮᠤᠷ | ᠲᠦᠪᠰᠢᠨ ᠤ ᠪᠠᠶᠢᠭᠤᠯᠤᠯᠲᠠ ᠶᠢᠨ ᠠᠯᠪᠠᠨ ᠬᠡᠷ ᠵᠡᠷᠭᠡ ᠰᠠᠯᠠᠭ᠎ᠠ ᠮᠥᠴᠢᠷ ᠢ ᠡᠮᠬᠢᠯᠡᠨ ᠨᠡᠶᠢᠯᠡᠭᠦᠯᠵᠦ ᠨᠢᠭᠡ | ᠴᠤᠭᠴᠠᠵᠢᠭᠤᠯᠤᠨ ᠠᠵᠢᠯᠯᠠᠵᠤ᠂ ᠵᠥᠷᠢᠴᠡᠯ ᠵᠢᠭᠤᠷᠠᠯᠳᠤᠭᠠᠨ ᠢ ᠠᠷᠢᠯᠭᠠᠬᠤ ︽ᠬᠤᠤᠰ ᠵᠠᠭᠤᠨ ᠡᠳᠦᠷ ᠤᠨ | ᠠᠵᠢᠯᠯᠠᠭ᠎ᠠ︾ ᠶᠢ ᠬᠠᠮᠲᠤᠷᠠᠨ ᠥᠷᠨᠢᠭᠦᠯᠵᠦ᠂ ᠪᠥᠬᠦ ᠪᠠᠯᠭᠠᠰᠤ ᠪᠠᠷ ᠢᠶᠠᠨ 40 ᠵᠥᠷᠢᠴᠡᠯ ᠵᠢᠭᠤᠷᠠᠯᠳᠤᠭᠠᠨ ᠢ | ᠵᠢᠭᠰᠠᠭᠠᠨ ᠪᠠᠶᠢᠴᠠᠭᠠᠵᠤ᠂ ᠴᠥᠮ ᠠᠮᠵᠢᠯᠲᠠ ᠲᠠᠢ ᠰᠢᠢᠳᠪᠦᠷᠢᠯᠡᠪᠡ᠃ ᠬᠠᠤᠯᠢ ᠴᠠᠭᠠᠵᠠ ᠶᠢᠨ ᠶᠡᠷᠦ ᠶᠢᠨ | ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠬᠠᠤᠯᠢ ᠶᠢ | ᠲᠣᠰᠬᠤᠨ ᠳᠤᠭᠤᠶᠢᠯᠠᠩ ᠳᠤ ᠣᠷᠣᠭᠤᠯᠬᠤ᠂ ᠰᠤᠷᠭᠠᠭᠤᠯᠢ ᠳᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ | ᠵᠡᠷᠭᠡ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠦᠨ᠎ᠡ᠃ ᠣᠳᠣᠬᠠᠨ ᠪᠣᠯᠲᠠᠯ᠎ᠠ᠂ ᠬᠠᠤᠯᠢ ᠴᠠᠭᠠᠵᠠ ᠶᠢᠨ | ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ 23 ᠤᠳᠠᠭ᠎ᠠ ᠥᠷᠨᠢᠭᠦᠯᠵᠦ᠂ | ᠤᠬᠠᠭᠤᠯᠭ᠎ᠠ ᠶᠢᠨ ᠮᠠᠲ᠋ᠧᠷᠢᠶᠠᠯ ᠢ 3000 ᠭᠠᠷᠤᠶ ᠬᠤᠪᠢ ᠲᠠᠷᠬᠠᠭᠠᠪᠠ᠃ ᠨᠠᠨ ᠮᠠ ᠵᠢᠶᠠ ᠽᠢ ᠲᠣᠰᠬᠤᠨ ᠤ ︽ | ᠳᠠᠷᠦ᠋ᠢᠬᠠᠨ ᠭᠦᠢᠴᠡᠳᠬᠡᠬᠦ︾ ᠬᠡᠷᠡᠭ ᠵᠥᠪᠯᠡᠬᠦ ᠲᠢᠩᠬᠢᠮ᠂ ᠡᠯ ᠭᠤᠸᠠᠨ ᠶᠢᠩᠽᠢ ᠲᠣᠰᠬᠤᠨ ᠤ ︽ᠲᠣᠰᠬᠤᠨ ᠤ | ᠠᠷᠠᠳ ᠬᠡᠷᠡᠭ ᠬᠡᠯᠡᠬᠦ ᠲᠠᠰᠤᠭ︾ ᠲᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠲᠣᠰᠬᠤᠨ ᠤ ᠳᠦᠷᠢᠮ | ᠠᠷᠠᠳ ᠤᠨ ᠭᠡᠷ᠎ᠡ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠣᠯᠠᠨ ᠲᠦᠮᠡᠨ ᠢ ᠬᠥᠲᠥᠯᠥᠨ ᠵᠢᠯᠣᠭᠤᠳᠴᠤ | ᠪᠠᠶᠢᠭᠠᠳ ᠰᠠᠨᠠᠭᠠᠴᠢᠯᠠᠭ᠎ᠠ ᠠᠴᠠ ᠪᠠᠨ ᠤᠴᠢᠷ ᠶᠠᠪᠤᠳᠠᠯ ᠢ ᠶᠠᠷᠢᠬᠤ᠂ ᠬᠠᠷᠢᠯᠴᠠᠨ ᠬᠡᠷᠡᠭ ᠶᠠᠪᠤᠳᠠᠯ ᠢ ᠦᠨᠡᠯᠡᠬᠦ᠂ | ᠬᠡᠷᠡᠭ ᠶᠠᠪᠤᠳᠠᠯ ᠢ ᠵᠣᠬᠢᠴᠠᠭᠤᠯᠵᠤ᠂ ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠦᠨᠳᠦᠰᠦᠨ | ᠱᠠᠲᠤᠨ ᠤ ᠵᠠᠰᠠᠯᠲᠠ ᠶᠢᠨ ᠰᠢᠨ᠎ᠡ ᠪᠠᠶᠢᠷᠢᠰᠢᠯ ᠢ ᠪᠤᠢ ᠪᠣᠯᠭᠠᠨ᠎ᠠ᠃ |