| ᠣᠶᠢᠷ᠎ᠠ ᠶᠢᠨ ᠡᠳᠦᠷ ᠵᠠᠯᠭᠠᠭ᠎ᠠ ᠪᠠᠷ ᠪᠣᠷᠣᠭᠠᠨ ᠣᠷᠣᠵᠤ᠂ ᠨᠢᠩᠴᠧᠩ ᠰᠢᠶᠠᠨ ᠤ ᠬᠡᠰᠡᠭ ᠭᠠᠵᠠᠷ ᠣᠷᠣᠨ ᠤ | ᠣᠯᠠᠨ ᠲᠦᠮᠡᠨ ᠤ ᠠᠮᠢᠳᠤᠷᠠᠯ ᠳᠤ ᠳᠥᠭᠦᠮ ᠦᠭᠡᠢ ᠪᠠ ᠬᠦᠴᠢᠷᠳᠡᠯ ᠠᠪᠴᠢᠷᠠᠪᠠ᠃ ᠨᠢᠩᠴᠧᠩ ᠰᠢᠶᠠᠨ ᠤ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ ᠲᠡᠷᠡ ᠳᠠᠷᠤᠶ ᠳᠤᠨᠢ ᠡᠯ᠎ᠡ ᠪᠠᠯᠭᠠᠰᠤ ᠰᠢᠶᠠᠩ ᠵᠡᠭᠡᠯᠢ ᠭᠤᠳᠤᠮᠵᠢ ᠶᠢᠨ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ ᠢᠶᠠᠷ ᠭᠠᠮᠰᠢᠭᠳᠠᠭᠰᠠᠨ ᠬᠦᠴᠢᠷᠳᠡᠯᠲᠡᠶ ᠣᠯᠠᠨ ᠲᠦᠮᠡᠨ ᠢ ᠪᠦᠷᠢᠳᠬᠡᠵᠦ᠂ ᠬᠠᠯᠠᠮᠵᠢᠯᠠᠬᠤ | ᠪᠠ ᠠᠪᠤᠷᠠᠨ ᠲᠤᠰᠠᠯᠠᠬᠤ ᠠᠵᠢᠯ ᠢ ᠥᠷᠨᠢᠭᠦᠯᠪᠡ᠃ ᠲᠣᠰ ᠤᠳᠠᠭᠠᠨ ᠤ ᠲᠣᠬᠤᠨᠢᠭᠤᠯᠤᠯᠲᠠ ᠳᠤ ᠪᠠᠴᠢᠮ ᠪᠠᠶᠢᠳᠠᠯ ᠢ | ᠠᠷᠭᠠᠴᠠᠭᠠᠬᠤ ᠶᠡᠷᠦᠩᠬᠡᠶ ᠥᠷᠲᠡᠭ ᠨᠢ 1 ᠲᠦᠮᠡ ᠭᠠᠷᠤᠶ ᠲᠥᠭᠦᠷᠢᠭ ᠤᠨ ᠪᠤᠳᠠᠰ ᠢ ᠬᠦᠷᠭᠡᠵᠦ᠂ ᠨᠢᠩᠴᠧᠩ | ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ︽ᠬᠥᠮᠦᠯᠢᠭ ᠶᠣᠰᠣ᠂ ᠲᠦᠭᠡᠮᠡᠯ ᠬᠠᠶᠢᠷ᠎ᠠ᠂ ᠬᠤᠪᠢ ᠨᠡᠮᠡᠷᠢ | ᠦᠵᠡᠭᠦᠯᠬᠦ︾ ᠵᠣᠷᠢᠭ ᠰᠠᠨᠠᠭ᠎ᠠ ᠪᠣᠯᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠡᠭᠦᠷᠭᠡ | ᠬᠠᠷᠢᠭᠤᠴᠠᠯᠭ᠎ᠠ ᠪᠠᠨ ᠢᠳᠡᠪᠬᠢᠲᠡᠶ ᠭᠦᠢᠴᠡᠳᠭᠡᠪᠡ᠃ ᠳᠠᠷᠠᠭᠠᠴᠢ ᠶᠢᠨ ᠠᠯᠬᠤᠮ ᠳᠤ᠂ ᠨᠢᠩᠴᠧᠩ ᠰᠢᠶᠠᠨ ᠤ | ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠦᠷᠭᠦᠯᠵᠢᠯᠡᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠨᠠᠮ ᠪᠣᠯᠤᠨ | ᠵᠠᠰᠠᠭ ᠤᠨ ᠣᠷᠳᠣᠨ ᠤ ᠬᠥᠮᠦᠯᠢᠭ ᠦᠵᠡᠯ ᠤᠨ ᠬᠦᠷᠢᠶᠡᠨ ᠳᠠᠬᠢ ᠬᠠᠪᠰᠤᠷᠤᠭᠴᠢ ᠪᠣᠯᠤᠨ ᠤᠯᠠᠨ ᠲᠦᠮᠡᠨ ᠲᠠᠢ | ᠬᠠᠷᠢᠯᠴᠠᠬᠤ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠪᠠᠳᠠᠷᠠᠭᠤᠯᠵᠤ᠂ ᠭᠠᠮᠰᠢᠭ ᠲᠤ ᠪᠡᠯᠡᠳᠭᠡᠵᠤ | ᠭᠠᠮᠰᠢᠭ ᠠᠴᠠ ᠠᠪᠤᠷᠠᠬᠤ ᠴᠢᠳᠠᠪᠤᠷᠢ ᠪᠠᠨ ᠴᠢᠩᠭᠠᠳᠬᠠᠵᠤ᠂ ᠭᠠᠮᠰᠢᠭ ᠤᠨ ᠪᠠᠶᠢᠳᠠᠯ ᠡᠭᠦᠰᠬᠦ ᠦᠶ᠎ᠡ ᠳᠤ | ᠭᠠᠮᠰᠢᠭᠳᠠᠭᠰᠠᠨ ᠤᠯᠠᠨ ᠲᠦᠮᠡᠨ ᠢ ᠠᠪᠤᠷᠠᠨ ᠲᠤᠰᠠᠯᠠᠬᠤ ᠠᠵᠢᠯ ᠢ ᠴᠠᠭ ᠲᠤᠬᠠᠢ ᠳᠤᠨᠢ ᠲᠦᠷᠭᠡᠨ ᠥᠷᠨᠢᠭᠦᠯᠬᠦ ᠶᠢ | ᠪᠠᠲᠤᠯᠠᠵᠤ᠂ ᠨᠡᠩ ᠣᠨᠣᠪᠴᠢᠲᠠᠢ᠂ ᠨᠡᠩ ᠥᠨᠳᠥᠷ ᠪᠦᠲᠦᠮᠵᠢᠲᠡᠢ ᠠᠷᠭ᠎ᠠ ᠬᠡᠯᠪᠡᠷᠢ ᠪᠠᠷ ᠭᠠᠮᠰᠢᠭᠳᠠᠭᠰᠠᠨ ᠤᠯᠠᠨ | ᠲᠦᠮᠡᠨ ᠤ ᠬᠦᠴᠢᠷ ᠵᠣᠪᠠᠭᠤᠷᠢ ᠶᠢ ᠰᠢᠢᠳᠪᠦᠷᠢᠯᠡᠨ᠎ᠡ᠃ |