ᠨᠢᠩᠴᠧᠩ ᠰᠢᠶᠠᠨ ᠡᠮ ᠡᠮᠨᠡᠯᠭᠡ ᠶᠢᠨ ᠳᠠᠭᠠᠳᠬᠠᠯ ᠤᠨ ᠠᠵᠢᠯ ᠢ ᠰᠠᠶᠢᠳᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2024/8/30
    ᠨᠢᠭᠡ ᠳᠤ᠂ ᠨᠢᠷᠠᠢ ᠬᠡᠦᠬᠡᠳ ᠤᠨ ᠳᠠᠭᠠᠳᠬᠠᠯ ᠳᠤ ᠣᠷᠣᠯᠴᠠᠬᠤ ᠠᠵᠢᠯ ᠢ ᠰᠠᠶᠢᠳᠤᠷ ᠬᠢᠵᠦ ᠪᠠᠶᠢᠨ᠎ᠠ᠃ ᠬᠤᠲᠠ ᠶᠢᠨ ᠳᠣᠲᠣᠷ᠎ᠠ ᠲᠥᠷᠥᠭᠰᠡᠨ ᠨᠢᠷᠠᠶ ᠬᠡᠤᠬᠡᠳ ᠤᠨ ᠲᠥᠷᠥᠭᠰᠡᠨ ᠭᠡᠷᠡᠴᠢ ᠪᠠᠷ ᠳᠠᠮᠵᠢᠭᠤᠯᠤᠨ ᠡᠮᠨᠡᠯᠭᠡ ᠶᠢᠨ ᠬᠤᠷᠢᠶ᠎ᠠ ᠳᠤ ᠰᠢᠭᠤᠳ ᠡᠮ ᠡᠮᠨᠡᠯᠭᠡ ᠶᠢᠨ ᠳᠠᠭᠠᠳᠬᠠᠯ ᠤᠨ ᠳᠡᠩᠰᠡᠯᠡᠯᠲᠡ ᠬᠢᠵᠦ᠂ ᠭᠠᠳᠠᠷ ᠣᠷᠣᠨ ᠳᠤ ᠲᠥᠷᠥᠭᠰᠡᠨ ᠨᠢᠷᠠᠶ ᠬᠡᠤᠬᠡᠳ ᠢ ᠸᠢᠴᠠᠲ ᠢᠶᠠᠷ ᠳᠠᠮᠵᠢᠭᠤᠯᠤᠨ ᠡᠮ ᠡᠮᠨᠡᠯᠭᠡ ᠶᠢᠨ ᠳᠠᠭᠠᠳᠬᠠᠯ ᠤᠨ ᠳᠡᠩᠰᠡᠯᠡᠯᠲᠡ ᠬᠢᠵᠦ᠂ ᠨᠢᠷᠠᠶ ᠬᠡᠤᠬᠡᠳ ᠲᠤ ᠨᠢᠭᠡ ᠨᠢᠭᠡ ᠪᠠᠷ ᠨᠠᠷᠢᠯᠢᠭ ᠣᠨᠣᠴᠠᠲᠠᠶ ᠪᠠᠷ ᠦᠢᠯᠡᠴᠢᠯᠡᠵᠦ᠂ ᠨᠢᠷᠠᠶ ᠬᠡᠤᠬᠡᠳ ᠲᠤ ᠳᠠᠭᠠᠳᠬᠠᠯ ᠤᠨ ᠰᠦᠢᠳᠭᠡᠯ ᠢ ᠣᠷᠬᠢᠭᠳᠠᠭᠤᠯᠬᠤ ᠪᠠᠶᠢᠬᠤ ᠶᠢ ᠦᠨᠡᠨᠬᠦ ᠪᠠᠲᠤᠯᠠᠵᠤ᠂ 7 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠰᠢᠶᠠᠨ ᠤ 568 ᠨᠢᠷᠠᠶ ᠬᠡᠤᠬᠡᠳ ᠳᠠᠭᠠᠳᠬᠠᠯ ᠳᠤ ᠣᠷᠣᠯᠴᠠᠵᠠᠶ᠃    ᠬᠤᠶᠠᠷ ᠲᠤ ᠤᠳᠠᠭᠠᠨ ᠴᠢᠨᠠᠷᠲᠠᠶ ᠡᠪᠡᠳᠴᠢᠨ ᠢ ᠰᠢᠢᠳᠪᠦᠷᠢᠯᠡᠬᠦ ᠠᠵᠢᠯ ᠢ ᠰᠠᠶᠢᠳᠤᠷ ᠬᠢᠵᠦ ᠪᠠᠶᠢᠨ᠎ᠠ᠃ ᠣᠨᠳᠣᠤ ᠭᠠᠵᠠᠷ ᠤᠨ ᠤᠳᠠᠭᠠᠨ ᠴᠢᠨᠠᠷᠲᠠᠶ ᠡᠪᠡᠳᠴᠢᠲᠡᠨ ᠳᠤ᠂ ᠬᠠᠭᠠᠰ ᠵᠢᠯ ᠪᠦᠷᠢ ᠰᠠᠨᠠᠭᠠᠴᠢᠯᠠᠭ᠎ᠠ ᠠᠴᠠ ᠪᠠᠨ ᠨᠢᠭᠡ ᠤᠳᠠᠭ᠎ᠠ ᠤᠲᠠᠰᠤ ᠪᠠᠷ ᠬᠠᠷᠢᠯᠴᠠᠵᠤ ᠪᠠᠶᠢᠭᠠᠳ ᠤᠳᠠᠭᠠᠨ ᠴᠢᠨᠠᠷᠲᠠᠶ ᠡᠪᠡᠳᠴᠢᠨ ᠢ ᠳᠡᠩᠰᠡᠯᠡᠵᠦ᠂ ᠪᠠᠶᠢᠳᠠᠯ ᠢ ᠣᠶᠢᠯᠠᠭᠠᠵᠤ ᠰᠢᠭᠤᠳ ᠭᠦᠢᠴᠡᠳᠬᠡᠨ᠎ᠡ᠃ ᠠᠭᠤᠯᠵᠠᠬᠤ ᠦᠭᠡᠢ ᠪᠠᠷ ᠭᠦᠢᠴᠡᠳᠬᠡᠬᠦ᠂ ︽ᠢᠷᠡᠬᠦ ᠦᠭᠡᠢ ᠪᠣᠯ ᠡᠳ᠋ᠯᠡᠬᠦ︾ ᠶᠢ ᠦᠨᠡᠨ ᠬᠦ ᠪᠡᠶᠡᠯᠡᠭᠦᠯᠦᠨ᠎ᠡ᠃ ᠡᠨᠡ ᠵᠢᠯ ᠨᠢᠭᠡᠨᠲᠡ ᠤᠳᠠᠭᠠᠨ ᠴᠢᠨᠠᠷᠲᠠᠶ ᠡᠪᠡᠳᠴᠢᠨ ᠤ ᠬᠠᠷᠠᠭᠠᠯᠵᠠᠯ ᠢ ᠨᠠᠶᠢᠳᠠᠪᠤᠷᠢᠵᠢᠭᠤᠯᠵᠤ᠂ ᠤᠳᠠᠭᠠᠨ ᠴᠢᠨᠠᠷᠲᠠᠶ ᠡᠪᠡᠳᠴᠢᠨ ᠳᠤ ᠠᠰᠢᠭ ᠭᠥᠷᠳᠡᠭᠰᠡᠨ ᠡᠪᠡᠳᠴᠢᠲᠡᠨ ᠢ 153 ᠬᠥᠮᠦᠨ ᠤᠳᠠᠭ᠎ᠠ ᠨᠠᠶᠢᠳᠠᠪᠤᠷᠢᠵᠢᠭᠤᠯᠪᠠ᠃    ᠭᠤᠷᠪᠠ ᠳᠤ᠂ ᠣᠨᠳᠣᠤ ᠭᠠᠵᠠᠷ ᠲᠤ ᠡᠮᠨᠡᠭᠦᠯᠬᠦ ᠮᠥᠷᠳᠡᠨ ᠦᠢᠯᠡᠴᠢᠯᠡᠬᠦ ᠠᠵᠢᠯ ᠢ ᠰᠠᠶᠢᠳᠤᠷ ᠬᠢᠵᠦ ᠪᠠᠶᠢᠨ᠎ᠠ᠃ ᠶᠡᠭᠡ ᠲᠢᠩᠬᠢᠮ ᠳᠤ ᠳᠠᠩᠰᠠᠯᠠᠭᠤᠯᠤᠭᠰᠠᠨ ᠪᠠ ᠥᠪᠡᠰᠦᠪᠡᠨ ᠳᠠᠩᠰᠠᠯᠠᠭᠤᠯᠤᠭᠰᠠᠨ ᠣᠯᠠᠨ ᠲᠦᠮᠡᠨ ᠳᠤ ᠪᠥᠬᠦ ᠲᠠᠯ᠎ᠠ ᠪᠠᠷ ᠮᠥᠷᠳᠡᠨ ᠦᠢᠯᠡᠴᠢᠯᠡᠨ᠎ᠡ᠃ 7 ᠰᠠᠷ᠎ᠠ ᠪᠤᠯᠳᠠᠯ᠎ᠡ ᠮᠦᠷᠳᠡᠨ ᠲᠠᠩᠰᠠᠯᠠᠭᠤᠯᠣᠭᠰᠠᠨ ᠬᠦᠮᠦᠨ ᠤ ᠲᠤᠭ᠎ᠠ 5140 ᠬᠦᠮᠦᠨ ᠣᠳᠠᠭ᠎ᠠ ᠬᠦᠷᠴᠣ᠂ ᠣᠨᠳᠣᠣ ᠭᠠᠵᠠᠷ ᠲᠤ ᠡᠮᠨᠡᠭᠦᠯᠦᠭᠰᠡᠨ ᠰᠢᠭᠤᠳ ᠮᠡᠳᠡᠬᠦᠯᠬᠦ ᠨᠣᠷᠮ᠎ᠠ 90% ᠠᠴᠠ ᠲᠡᠭᠡᠭᠰᠢ ᠳᠤ ᠬᠦᠷᠴᠦ᠂ ᠪᠦᠬᠦ ᠬᠤᠲᠠ ᠶᠢᠨ ᠡᠮᠦᠨ᠎ᠡ ᠡᠩᠨᠡᠭᠡᠨ ᠳᠤ ᠣᠷᠣᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号