| ᠣᠶᠢᠷ᠎ᠠ ᠳᠤ᠂ 2024 ᠷᠢᠳᠢ ᠰᠢᠳᠢᠳᠦ ᠳᠤᠮᠳᠠᠳᠤ ᠶᠢᠨ ᠠᠶᠠᠯᠠᠯ · ᠪᠤᠷᠬᠠᠨᠲᠤ ᠳᠠᠬᠢ ᠵᠢᠭᠤᠯᠴᠢᠯᠠᠯ ᠵᠢᠴᠢ | ᠨᠢᠩᠴᠧᠩ ᠰᠢᠶᠠᠨ ᠤ ᠭᠤᠷᠪᠠᠳᠤᠭᠠᠷ ᠬᠤᠭᠤᠴᠠᠭᠠᠨ ᠤ ᠪᠣᠭᠤᠮᠲᠠ ᠶᠢᠨ ᠭᠠᠳᠠᠨᠠᠬᠢ ᠠᠷᠢᠬᠢᠨ ᠨᠣᠳᠤᠭ ᠤᠨ ᠰᠣᠶᠣᠯ | ᠵᠢᠭᠤᠯᠴᠢᠯᠠᠯ ᠤᠨ ᠨᠠᠶᠢᠷ ᠢ ᠨᠢᠩᠴᠧᠩ ᠰᠢᠶᠠᠨ ᠤ ᠪᠤᠷᠬᠠᠨᠲᠤ ᠪᠠᠯᠭᠠᠰᠤᠨ ᠳᠤ ᠶᠡᠭᠡ ᠪᠠᠷ ᠬᠤᠷᠠᠯᠳᠤᠭᠤᠯᠵᠤ᠂ ᠲᠣᠰ | ᠤᠳᠠᠭᠠᠨ ᠤ ᠠᠵᠢᠯᠯᠠᠭ᠎ᠠ ᠶᠢᠨ ᠲᠣᠭᠲᠠᠭᠤᠨ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠵᠤ᠂ ᠣᠯᠠᠨ | ᠲᠦᠮᠡᠨ ᠳᠤ ᠰᠠᠶᠢᠨ ᠰᠠᠶᠢᠬᠠᠨ᠂ ᠠᠮᠤᠷ ᠲᠦᠪᠰᠢᠨ᠂ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠲᠣᠭᠤᠷᠢᠨ ᠢ ᠪᠣᠶ | ᠪᠣᠯᠭᠠᠬᠤ ᠶᠢᠨ ᠲᠥᠯᠥᠭᠡ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠰᠣᠶᠣᠯ | ᠵᠢᠭᠤᠯᠴᠢᠯᠠᠯ ᠤᠨ ᠨᠠᠶᠢᠷ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠃ | ᠠᠵᠢᠯᠯᠠᠭ᠎ᠠ ᠶᠢᠨ ᠬᠤᠭᠤᠴᠠᠭᠠᠨ ᠳᠤ᠂ ᠬᠠᠤᠯᠢ ᠬᠡᠷᠡᠭᠵᠢᠭᠦᠯᠬᠦ ᠠᠵᠢᠯᠲᠠᠨ ᠲᠤᠬᠠᠶ ᠶᠢᠨ ᠲᠠᠯᠠᠪᠠᠶ ᠵᠢᠴᠢ ᠡᠷᠬᠢᠨ | ᠲᠣᠭᠤᠷᠢᠨ ᠤ ᠢᠳᠡᠭᠡᠨ ᠤᠮᠳᠠᠭᠠᠨ ᠤ ᠨᠢᠭᠡᠴᠡ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠵᠤ᠂ | ᠢᠳᠡᠭᠡᠨ ᠤ ᠢᠷᠡᠯᠲᠡ ᠶᠢᠨ ᠬᠠᠤᠯᠢ ᠶᠣᠰᠣᠨ ᠤ᠂ ᠶᠠᠰᠤ ᠴᠢᠨᠠᠷ ᠤᠨ ᠨᠠᠶᠢᠳᠠᠪᠤᠷᠢᠲᠠᠶ᠂ ᠵᠢᠷᠤᠮᠵᠢᠭᠤᠨ ᠡᠳ᠋ᠰᠢᠭᠦᠯᠬᠦ ᠶᠢ | ᠦᠨᠡᠨ ᠬᠦ ᠪᠠᠲᠤᠯᠠᠵᠤ᠂ ᠰᠣᠶᠣᠯ ᠤᠨ ᠨᠠᠶᠢᠷ ᠤᠨ ᠠᠵᠢᠯᠯᠠᠭ᠎ᠠ ᠳᠤ ᠣᠷᠣᠯᠴᠠᠬᠤ ᠢᠳᠡᠭᠡᠨ ᠤᠮᠳᠠᠭᠠᠨ ᠤ ᠨᠢᠭᠡᠴᠡ ᠶᠢ | ᠤᠷᠢᠳᠴᠢᠯᠠᠨ ᠬᠢᠨᠠᠨ ᠬᠠᠷᠭᠤᠭᠤᠯᠵᠤ᠂ ᠲᠡᠭᠦᠨ ᠢ ᠪᠦᠲᠦᠮᠵᠢᠲᠡᠶ ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ᠤᠨ | ᠦᠨᠡᠮᠯᠡᠯ ᠪᠠ ᠡᠷᠡᠭᠦᠯ ᠮᠡᠨᠳᠦ ᠶᠢᠨ ᠭᠡᠷᠡᠴᠢᠯᠡᠯ ᠬᠠᠩᠭᠠᠬᠤ ᠶᠢ ᠱᠠᠭᠠᠷᠳᠠᠪᠠ᠃ ᠬᠤᠶᠠᠷ ᠲᠤ᠂ ᠲᠤᠬᠠᠶ ᠶᠢᠨ | ᠲᠠᠯᠠᠪᠤᠷ ᠲᠤ ᠬᠡᠷᠡᠭᠯᠡᠬᠦ ᠣᠨᠴᠠ ᠲᠥᠷᠥᠯ ᠤᠨ ᠲᠣᠨᠤᠭ ᠲᠥᠬᠦᠭᠡᠷᠦᠮᠵᠢ ︵ᠵᠢᠱᠢᠶᠡᠯᠡᠪᠡᠯ ᠵᠤᠭ᠎ᠠ ᠴᠡᠩᠭᠡᠯ ᠤᠨ | ᠲᠥᠬᠦᠭᠡᠷᠦᠮᠵᠢ᠂ ᠲᠠᠪᠴᠠᠩ ᠤᠨ ᠲᠥᠬᠦᠭᠡᠷᠦᠮᠵᠢ ᠵᠡᠷᠭᠡ︶ ᠶᠢ ᠪᠥᠬᠦ ᠲᠠᠯ᠎ᠠ ᠪᠠᠷ ᠪᠠᠶᠢᠴᠠᠭᠠᠵᠤ᠂ ᠲᠡᠭᠦᠨ ᠤ ᠠᠮᠤᠷ | ᠲᠦᠪᠰᠢᠨ ᠤ ᠴᠢᠳᠠᠮᠵᠢ ᠨᠢ ᠱᠠᠭᠠᠷᠳᠠᠯᠭ᠎ᠠ ᠳᠤ ᠨᠡᠶᠢᠴᠡᠬᠦ ᠶᠢ ᠦᠨᠡᠨ ᠬᠦ ᠪᠠᠲᠤᠯᠠᠵᠤ᠂ ᠣᠨᠴᠠ ᠲᠥᠷᠥᠯ ᠤᠨ ᠲᠣᠨᠤᠭ | ᠲᠥᠬᠦᠭᠡᠷᠦᠮᠵᠢ ᠬᠡᠷᠡᠭᠯᠡᠬᠦ ᠨᠢᠭᠡᠴᠡ ᠶᠢ ᠰᠢᠮᠳᠠᠭᠤᠯᠤᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠶᠢ ᠴᠢᠩᠭᠠᠳᠬᠠᠵᠤ᠂ ᠬᠡᠤᠬᠡᠳ ᠤᠨ ᠵᠤᠭ᠎ᠠ | ᠴᠡᠩᠭᠡᠯ ᠤᠨ ᠪᠡᠯᠡᠳᠬᠡᠮᠵᠢ ᠵᠡᠷᠭᠡ ᠲᠥᠬᠦᠭᠡᠷᠦᠮᠵᠢ ᠶᠢᠨ ᠠᠮᠤᠷ ᠲᠦᠪᠰᠢᠨ ᠤ ᠪᠠᠲᠤᠯᠠᠭ᠎ᠠ ᠲᠠᠢ ᠪᠠᠶᠢᠬᠤ ᠶᠢ ᠦᠨᠡᠨ ᠬᠦ | ᠪᠠᠲᠤᠯᠠᠪᠠ᠃ ᠲᠤᠬᠠᠶ ᠶᠢᠨ ᠲᠠᠯᠠᠪᠠᠶ ᠵᠢᠴᠢ ᠡᠷᠬᠢᠨ ᠲᠣᠭᠤᠷᠢᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠦᠨ᠎ᠡ ᠬᠠᠩᠰᠢ ᠶᠢᠨ ᠮᠡᠬᠡᠯᠡᠯ ᠬᠢᠬᠦ᠂ ᠪᠠᠷᠠᠭᠠᠨ ᠤ ᠦᠨ᠎ᠡ ᠶᠢ ᠥᠰᠬᠡᠬᠦ ᠵᠡᠷᠭᠡ | ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠡᠷᠡᠭᠯᠡᠭᠡᠨ ᠤ ᠵᠠᠬ᠎ᠠ ᠳᠡᠯᠭᠡᠭᠦᠷ ᠤᠨ | ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠵᠤ᠂ ᠬᠡᠷᠡᠭᠯᠡᠭᠡᠨ ᠤ ᠠᠮᠢᠵᠢᠷᠠᠯ ᠤᠨ | ᠬᠦᠴᠦᠨ ᠢ ᠭᠦᠭᠵᠢᠭᠡᠪᠡ᠃ ᠲᠠᠷᠠᠭᠠᠴᠢ ᠶᠢᠨ ᠠᠯᠬᠤᠮ ᠳᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠣᠯᠠᠨ ᠲᠦᠮᠡᠨ ᠤ ᠵᠠᠭᠠᠯᠳᠤᠵᠤ ᠢᠯᠡᠴᠢᠯᠡᠨ | ᠮᠡᠳᠡᠭᠦᠯᠦᠭᠰᠡᠨ ᠵᠤᠶᠢᠯ ᠢ ᠴᠠᠭ ᠲᠤᠬᠠᠶ ᠳᠤᠨᠢ ᠭᠥᠯᠢᠶᠡᠨ ᠠᠪᠴᠤ ᠰᠢᠢᠳᠪᠦᠷᠢᠯᠡᠨ᠂ ᠵᠠᠬ᠎ᠠ ᠳᠡᠯᠭᠡᠭᠦᠷ ᠤᠨ ᠡᠮᠬᠢ | ᠳᠢᠭᠯᠢᠮ ᠪᠠ ᠢᠳᠡᠭᠡᠨ ᠤ ᠠᠮᠤᠷ ᠲᠦᠪᠰᠢᠨ ᠢ ᠦᠨᠡᠨ ᠬᠦ ᠬᠠᠮᠠᠭᠠᠯᠠᠵᠤ᠂ ᠪᠠᠶᠠᠷ ᠤᠨ ᠡᠳᠦᠷ ᠤᠨ ᠬᠤᠭᠤᠴᠠᠭᠠᠨ ᠳᠤ | ᠬᠡᠷᠡᠭᠯᠡᠭᠴᠢᠳ ᠤᠨ ᠪᠠᠶᠠᠷ ᠬᠥᠷ ᠲᠠᠢ ᠨᠠᠭᠠᠳᠬᠤ ᠶᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃ |