| | | | | | ᠨᠢᠩᠴᠧᠩ ᠰᠢᠶᠠᠨ ᠤ ᠨᠢᠭᠦᠯᠡᠰᠦᠩᠭᠦᠶ ᠶᠢᠨ ᠦᠢᠯᠡᠰ ᠤᠨ ᠶᠡᠷᠦᠩᠬᠡᠶ ᠡᠪᠯᠡᠯ ︽ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠨᠢᠭᠦᠯᠡᠰᠦᠩᠭᠦᠶ ᠶᠢᠨ ᠦᠢᠯᠡᠰ ᠤᠨ ᠬᠤᠰᠢᠭᠤᠴᠢ ᠪᠣᠯᠬᠤ︾ | ᠡᠨᠡ ᠬᠦ ᠭᠤᠤᠯ ᠰᠡᠳᠦᠪ ᠤᠨ ᠲᠣᠭᠤᠷᠢᠨ ᠳᠤ᠂ ᠨᠢᠭᠦᠯᠡᠰᠦᠩᠭᠦᠶ ᠶᠢᠨ ᠠᠵᠢᠯ ᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠷᠠᠳ ᠤᠨ ᠠᠮᠢᠳᠤᠷᠠᠯ ᠤᠨ ᠠᠰᠠᠭᠤᠳᠠᠯ ᠲᠠᠢ ᠨᠢᠭᠲᠠ ᠤᠶᠠᠯᠳᠤᠭᠤᠯᠵᠤ᠂ 2023 | ᠣᠨ ᠤ 10 ᠰᠠᠷ᠎ᠠ ᠳᠤ ᠨᠢᠩᠴᠧᠩ ᠰᠢᠶᠠᠨ ᠤ 18 ᠪᠠᠯᠭᠠᠰᠤ ᠰᠢᠶᠠᠩ ᠵᠡᠭᠡᠯᠢ ᠭᠤᠳᠤᠮᠵᠢ ᠶᠢᠨ 45 ᠲᠣᠰᠬᠤᠨ ︵ | ᠨᠡᠶᠢᠭᠡᠮ ᠲᠣᠭᠤᠷᠢᠭ︶ ᠳᠤ ︽ᠬᠠᠶᠢᠷ᠎ᠠ ᠬᠠᠯᠠᠮᠵᠢ ᠶᠢᠨ ᠬᠡᠲᠦ ᠳᠡᠯᠭᠡᠭᠦᠷ︾ ᠢ ᠪᠠᠶᠢᠭᠤᠯᠪᠠ᠃ ᠨᠠᠭᠠᠳᠤ ᠵᠠᠬ᠎ᠠ ᠶᠢᠨ | ᠪᠠᠲᠤᠯᠠᠭ᠎ᠠ᠂ ᠣᠷᠣᠯᠭ᠎ᠠ ᠪᠠᠭᠠᠲᠠᠶ᠂ ᠬᠦᠨᠳᠦ ᠣᠨᠴᠠ ᠶᠡᠭᠡ ᠡᠪᠡᠳᠴᠢᠨ ᠲᠠᠢ᠂ ᠵᠡᠮᠳᠡᠭ ᠬᠡᠷ ᠪᠦᠯᠢ ᠪᠣᠯᠤᠨ ᠠᠬᠠᠮᠠᠳ | ᠨᠠᠮ ᠤᠨ ᠭᠡᠰᠢᠭᠦᠨ ᠥᠪᠡᠷ ᠤᠨ ᠬᠡᠷᠡᠭᠴᠡᠭᠡ ᠪᠠᠨ ᠦᠨᠳᠦᠰᠦᠯᠡᠨ ︽ᠬᠠᠶᠢᠷ᠎ᠠ ᠬᠠᠯᠠᠮᠵᠢ ᠶᠢᠨ ᠬᠡᠲᠦ ᠳᠡᠯᠭᠡᠭᠦᠷ︾ ᠤᠨ | ᠬᠠᠶᠢᠷ᠎ᠠ ᠬᠠᠯᠠᠮᠵᠢ ᠶᠢᠨ ᠡᠳ᠋ ᠪᠣᠳᠠᠰ ᠢ ᠦᠨ᠎ᠡ ᠲᠥᠯᠥᠪᠦᠷᠢ ᠥᠬᠡᠶ ᠪᠠᠷ ᠠᠪᠴᠤ ᠪᠣᠯᠤᠨ᠎ᠠ᠂ ᠨᠠᠰᠤᠲᠠᠨ ᠢᠶᠠᠨ | ᠠᠴᠢᠯᠠᠵᠤ ᠲᠥᠷᠥᠯ ᠰᠠᠳᠤᠨ ᠢᠶᠠᠨ ᠬᠠᠶᠢᠷᠠᠯᠠᠬᠤ᠂ ᠶᠣᠰᠣ ᠰᠤᠷᠲᠠᠬᠤᠨ ᠤ ᠵᠢᠱᠢᠶᠡᠴᠢ᠂ ᠰᠠᠶᠢᠨ ᠬᠥᠮᠦᠨ ᠰᠠᠶᠢᠨ | ᠶᠠᠪᠤᠳᠠᠯ ᠴᠤ ᠬᠤᠪᠢ ᠬᠤᠷᠠᠮᠳᠤᠭᠤᠯᠵᠤ ᠦᠨ᠎ᠡ ᠲᠥᠯᠥᠪᠦᠷᠢ ᠥᠬᠡᠶ ᠪᠠᠷ ︽ᠬᠠᠶᠢᠷ᠎ᠠ ᠬᠠᠯᠠᠮᠵᠢ ᠶᠢᠨ ᠬᠡᠲᠦ ᠳᠡᠯᠭᠡᠭᠦᠷ | ︾ ᠤᠨ ᠬᠠᠶᠢᠷ᠎ᠠ ᠬᠠᠯᠠᠮᠵᠢ ᠶᠢᠨ ᠡᠳ᠋ ᠪᠣᠳᠠᠰ ᠢ ᠰᠣᠯᠢᠵᠤ ᠪᠣᠯᠤᠨ᠎ᠠ᠂ ᠨᠢᠭᠦᠯᠡᠰᠦᠩᠭᠦᠶ ᠶᠢᠨ ᠠᠵᠢᠯ ᠢ ᠰᠠᠶᠢᠲᠤᠷ | ᠬᠢᠬᠦ ᠶᠢᠨ ᠬᠠᠮᠲᠤ ᠪᠠᠰᠠ ᠬᠥᠮᠦᠨ ᠪᠦᠬᠦᠨ ᠪᠤᠶᠠᠨ ᠬᠢᠬᠦ᠂ ᠳᠤᠷᠠᠲᠠᠶ᠎ᠠ ᠬᠤᠪᠢ ᠨᠡᠮᠡᠷᠢ ᠦᠵᠡᠭᠦᠯᠬᠦ ᠭᠤᠤᠯ ᠬᠥᠭ | ᠠᠶᠠᠰ ᠢ ᠴᠤᠤᠷᠢᠶᠠᠲᠤᠭᠤᠯᠵᠤ᠂ ᠨᠡᠶᠢᠭᠡᠮ ᠤᠨ ᠢᠳᠡᠪᠬᠢ ᠬᠦᠴᠦᠨ ᠢ ᠪᠠᠳᠠᠷᠠᠭᠤᠯᠤᠨ ᠳᠡᠯᠭᠡᠷᠡᠭᠦᠯᠪᠡ᠃ ᠣᠲᠣ | ᠪᠣᠯᠲᠠᠯ᠎ᠠ᠂ ᠰᠢᠶᠠᠨ ᠤ ᠨᠢᠭᠦᠯᠡᠰᠦᠩᠭᠦᠶ ᠶᠢᠨ ᠦᠢᠯᠡᠰ ᠤᠨ ᠶᠡᠷᠦᠩᠬᠡᠶ ᠡᠪᠯᠡᠯ ᠬᠠᠩᠵᠧᠦ ᠬᠤᠲᠠ᠂ ᠨᠢᠩ ᠪᠥᠸᠧ | ᠬᠤᠲᠠ᠂ ᠨᠠᠨᠵᠢᠩ ᠬᠤᠲᠠ᠂ ᠸᠧᠨᠵᠧᠦ ᠬᠤᠲᠠ᠂ ᠰᠢᠶᠠᠮᠧᠨ ᠬᠤᠲᠠ ᠵᠡᠷᠭᠡ ᠪᠥᠬᠦ ᠤᠯᠤᠰ ᠤᠨ 11 ᠬᠥᠭᠵᠢᠭᠰᠡᠨ | ᠭᠠᠵᠠᠷ ᠣᠷᠣᠨ ᠤ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ᠂ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ᠂ | ᠬᠠᠶᠢᠷ᠎ᠠ ᠬᠠᠯᠠᠮᠵᠢ ᠶᠢᠨ ᠬᠤᠲᠠ ᠶᠢᠨ ᠠᠷᠠᠳ ᠪᠥᠬᠦ ᠰᠢᠶᠠᠨ ᠤ 45 ︽ᠬᠠᠶᠢᠷ᠎ᠠ ᠬᠠᠯᠠᠮᠵᠢ ᠶᠢᠨ ᠬᠡᠲᠦ ᠳᠡᠯᠭᠡᠭᠦᠷ︾ | ᠳᠤ ᠨᠣᠣᠰᠣᠨ ᠲᠠᠩᠰᠠ᠂ ᠬᠥᠪᠥᠩ ᠬᠥᠨᠵᠢᠯᠡ᠂ ᠲᠠᠮᠢᠷ ᠤᠨ ᠱᠠᠬᠠᠶ᠂ ᠠᠮᠢᠳᠤᠷᠠᠯ ᠤᠨ ᠬᠡᠷᠡᠭᠰᠡᠯ ᠵᠡᠷᠭᠡ ᠡᠯ᠎ᠡ | ᠲᠥᠷᠥᠯ ᠤᠨ ᠬᠠᠶᠢᠷ᠎ᠠ ᠬᠠᠯᠠᠮᠵᠢ ᠶᠢᠨ ᠡᠳ᠋ ᠪᠣᠳᠠᠰ ᠢ 4561 ᠬᠠᠶᠢᠷᠴᠠᠭ ︵ᠪᠣᠭᠴᠤ︶᠂ 193368 ᠬᠤᠪᠢ ︵ | ᠪᠣᠭᠴᠣ︶᠂ ᠶᠡᠷᠦᠩᠬᠡᠶ ᠥᠷᠲᠡᠭ ᠨᠢ 967 ᠲᠦᠮᠡᠨ ᠲᠥᠭᠦᠷᠢᠭ ᠲᠤ ᠬᠦᠷᠴᠦ᠂ ᠬᠦᠴᠢᠷᠳᠡᠯᠲᠡᠶ ᠠᠷᠠᠳ 16.7 | ᠲᠦᠮᠡᠨ ᠬᠥᠮᠦᠨ ︵ᠤᠳᠠᠭ᠎ᠠ︶ ᠳᠤ ᠠᠰᠢᠭ ᠬᠦᠷᠲᠡᠭᠡᠪᠡ᠃ | | |