| ᠤᠯᠤᠰ ᠤᠨ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠪᠣᠯ ᠲᠦᠭ ᠲᠦᠮᠡᠨ | ᠠᠶᠢᠯ ᠡᠷᠦᠬᠡ ᠳᠤ ᠠᠰᠢᠭ ᠬᠦᠷᠲᠡᠭᠡᠬᠦ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠬᠤ ᠪᠥᠭᠡᠳ | ᠪᠠᠰᠠ ᠴᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ | ᠭᠤᠤᠯᠳᠠᠯᠭ᠎ᠠ ᠲᠠᠢ ᠠᠵᠢᠯ ᠤᠨ ᠨᠢᠭᠡ ᠪᠣᠯᠤᠨ᠎ᠠ᠃ ᠨᠢᠩᠴᠧᠩ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠨᠢ ᠪᠥᠬᠦ ᠰᠢᠶᠠᠨ ᠤ ᠰᠠᠭᠤᠭᠠᠯᠢ ᠠᠷᠠᠳ ᠤᠨ ᠭᠤᠤᠯ ᠪᠣᠯᠬᠤ ᠡᠷᠡᠭᠦᠯ ᠮᠡᠨᠳᠦ ᠶᠢᠨ ᠠᠰᠠᠭᠤᠳᠠᠯ ᠲᠠᠢ | ᠤᠶᠠᠯᠳᠤᠭᠤᠯᠤᠨ᠂ ᠨᠠᠰᠤᠲᠠᠶᠢᠴᠤᠳ᠂ ᠬᠡᠤᠬᠡᠳ᠂ ᠵᠢᠷᠮᠦᠰᠦᠨ ᠡᠮᠡᠭᠲᠡᠶ᠂ ᠤᠳᠠᠭᠠᠨ ᠴᠢᠨᠠᠷᠲᠠᠶ ᠡᠪᠡᠳᠴᠢᠲᠡᠨ ᠵᠡᠷᠭᠡ | ᠭᠤᠤᠯᠳᠠᠯᠭ᠎ᠠ ᠲᠠᠢ ᠬᠥᠮᠦᠰ ᠤᠨ ᠲᠣᠭᠤᠷᠢᠨ ᠳᠤ᠂ ᠪᠤᠯᠪᠠᠰᠤᠷᠠᠯ ᠳᠤ ᠤᠷᠤᠯᠴᠠᠭᠤᠯᠬᠤ᠂ ᠪᠠᠶᠢᠴᠠᠭᠠᠬᠤ᠂ | ᠵᠢᠯᠣᠭᠤᠳᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠯᠤᠰ ᠤᠨ ᠦᠨᠳᠦᠰᠦᠨ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ | ᠨᠢᠭᠡ ᠳᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠪᠠ᠃ ᠦᠨᠳᠦᠰᠦᠨ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠭᠤᠤᠯᠳᠠᠯᠭ᠎ᠠ ᠲᠠᠢ ᠬᠥᠮᠦᠰ ᠪᠠ ᠭᠤᠤᠯᠳᠠᠯᠭ᠎ᠠ ᠲᠠᠢ ᠡᠪᠡᠳᠴᠢᠨ ᠡᠮᠭᠡᠭ ᠤᠨ | ᠲᠣᠭᠤᠷᠢᠨ ᠳᠤ᠂ ᠰᠡᠷᠭᠡᠶᠢᠯᠡᠬᠦ ᠲᠠᠷᠢᠯᠭ᠎ᠠ ᠬᠢᠵᠦ᠂ 0 - 6 ᠨᠠᠰᠤᠨ ᠤ ᠬᠡᠤᠬᠡᠳ᠂ ᠵᠢᠷᠮᠦᠰᠦᠨ ᠡᠮᠡᠭᠲᠡᠶ᠂ | ᠨᠠᠰᠤᠲᠠᠶᠢᠴᠤᠳ᠂ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ᠂ ᠬᠦᠨᠳᠦ ᠨᠣᠴᠢᠲᠠᠶ ᠣᠶᠤᠨ | ᠮᠡᠳᠡᠷᠡᠯ ᠤᠨ ᠰᠠᠭᠠᠳ᠂ ᠬᠠᠯᠳᠠᠪᠤᠷᠢᠲᠤ ᠡᠪᠡᠳᠴᠢᠨ᠂ ᠬᠢᠲᠠᠳ ᠡᠮ ᠡᠮᠨᠡᠯᠭᠡ ᠶᠢᠨ ᠡᠷᠡᠭᠦᠯ ᠮᠡᠨᠳᠦ ᠵᠡᠷᠭᠡ | ᠦᠢᠯᠡᠴᠢᠯᠡᠭᠡ ᠳᠤ ᠪᠤᠯᠪᠠᠰᠤᠷᠠᠯ ᠡᠷᠬᠢᠯᠡᠵᠦ᠂ ᠵᠢᠭᠠᠨ ᠵᠢᠯᠣᠭᠤᠳᠴᠤ᠂ ᠦᠨᠡᠯᠡᠨ ᠵᠢᠱᠢᠯᠲᠡ ᠬᠢᠪᠡ᠃ 2024 | ᠣᠨ ᠤ 8 ᠰᠠᠷ᠎ᠠ ᠶᠢᠨ 1 ᠤ ᠡᠳᠦᠷ ᠪᠣᠯᠲᠠᠯ᠎ᠠ ᠡᠯ᠎ᠡ ᠲᠤᠰᠬᠠᠶ ᠮᠡᠷᠭᠡᠵᠢᠯ ᠤᠨ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠨᠢ ᠪᠠᠷᠤᠭ 800 ᠨᠡᠷᠡᠰ ᠦᠨᠳᠦᠰᠦᠨ ᠱᠠᠲᠤᠨ ᠤ ᠡᠮᠨᠡᠯᠭᠡ ᠶᠢᠨ ᠠᠵᠢᠯᠲᠠᠨ ᠳᠤ | ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠤᠯᠪᠣᠭᠳᠠᠯ ᠪᠥᠬᠦᠶ ᠮᠡᠳᠡᠯᠭᠡ ᠶᠢᠨ | ᠲᠤᠰᠬᠠᠶ ᠪᠣᠯᠪᠠᠰᠤᠷᠠᠯ ᠥᠷᠨᠢᠭᠦᠯᠪᠠ᠃ | ᠬᠤᠶᠠᠷ ᠲᠤ᠂ ᠲᠤᠭ᠎ᠠ ᠪᠠᠷᠢᠮᠲᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ 2024 ᠣᠨ ᠤ 2 | ᠰᠠᠷ᠎ᠠ ᠶᠢᠨ 27 ᠤ ᠡᠳᠦᠷ ᠠᠴᠠ 28 ᠤ ᠡᠳᠦᠷ ᠪᠣᠯᠲᠠᠯ᠎ᠠ᠂ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ | ᠪᠣᠯᠪᠠᠰᠤᠷᠠᠯ ᠤᠨ ᠠᠩᠭᠢ ᠡᠷᠭᠢᠯᠡᠵᠦ᠂ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠮᠡᠳᠡᠭᠡ | ᠵᠠᠩᠭᠢ ᠶᠢᠨ ᠰᠢᠰᠲ᠋ᠧᠮ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠡᠵᠡᠮᠳᠡᠬᠦ ᠶᠢᠨ ᠬᠠᠮᠲᠤ ᠮᠡᠳᠡᠭᠡ ᠵᠠᠩᠭᠢ ᠶᠢᠨ | ᠰᠢᠰᠲ᠋ᠧᠮ ᠤᠨ ᠲᠤᠭ᠎ᠠ ᠪᠠᠷᠢᠮᠲᠠ ᠶᠢ ᠪᠥᠬᠦ ᠲᠠᠯ᠎ᠠ ᠪᠠᠷ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠲᠠᠩᠰᠠ | ᠡᠪᠬᠡᠮᠡᠯ ᠬᠢᠭᠡᠳ ᠪᠣᠳᠠᠲᠠᠶ ᠦᠢᠯᠡᠴᠢᠯᠡᠭᠡ ᠨᠢ ᠨᠡᠶᠢᠴᠡᠬᠦ ᠥᠬᠡᠶ᠂ ᠴᠠᠭ ᠲᠤᠬᠠᠶ ᠳᠤᠨᠢ ᠬᠥᠳᠡᠯᠦᠩᠭᠦᠶ ᠪᠠᠷ | ᠰᠢᠨᠡᠳᠬᠡᠭᠰᠡᠨ ᠥᠬᠡᠶ᠂ ᠲᠠᠩᠰᠠ ᠡᠪᠬᠡᠮᠡᠯ ᠵᠢᠷᠤᠮᠵᠢᠭᠤᠨ ᠥᠬᠡᠶ ᠪᠥᠭᠡᠳ ᠢᠯᠡ ᠨᠡᠶᠢᠲᠡᠯᠡᠬᠦ ᠳᠤ ᠬᠦᠴᠢᠷ᠂ | ᠤᠯᠤᠰ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠳᠣᠤᠷ᠎ᠠ᠂ ᠤᠯᠤᠰ ᠤᠨ ᠦᠨᠡᠯᠡᠯᠲᠡ ᠶᠢᠨ ᠬᠢᠷᠢ ᠪᠦᠲᠦᠮᠵᠢ ᠶᠢ | ᠨᠥᠯᠥᠭᠡᠯᠡᠬᠦ ᠵᠡᠷᠭᠡ ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠪᠡ᠃ | ᠭᠤᠷᠪᠠ ᠳᠤ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡ ᠶᠢ ᠨᠡᠶᠢᠳᠡᠮ ᠪᠦᠷᠬᠦᠭᠦᠯᠪᠡ᠃ ᠭᠡᠷ | ᠪᠦᠯᠢ ᠶᠢᠨ ᠡᠮᠴᠢ ᠶᠢᠨ ᠦᠢᠯᠡᠴᠢᠯᠡᠭᠡᠨ ᠤ ᠪᠦᠯᠬᠦᠮ ᠢ ᠵᠣᠬᠢᠶᠠᠨ ᠪᠠᠶᠢᠭᠤᠯᠵᠤ᠂ ᠭᠡᠷ ᠪᠦᠯᠢ ᠶᠢᠨ ᠡᠮᠴᠢ ᠶᠢᠨ ᠭᠡᠷ᠎ᠡ | ᠲᠣᠭᠲᠠᠬᠤ ᠦᠢᠯᠡᠴᠢᠯᠡᠭᠡᠨ ᠤ ᠪᠢᠴᠢᠭ ᠲᠤ ᠭᠠᠷ ᠤᠨ ᠦᠰᠦᠭ ᠵᠢᠷᠤᠪᠠ᠃ ᠨᠠᠰᠤᠵᠢᠯ ᠤᠨ ᠠᠰᠠᠷᠠᠮᠵᠢ ᠶᠢᠨ | ᠪᠠᠶᠢᠭᠤᠯᠤᠮᠵᠢ ᠶᠢᠨ ᠪᠦᠬᠦᠯᠢ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠰᠠᠭᠤᠭᠠᠯᠢ ᠠᠷᠠᠳ ᠤᠨ ᠡᠷᠡᠭᠦᠯ | ᠮᠡᠨᠳᠦ ᠶᠢᠨ ᠳᠠᠩᠰᠠ ᠡᠪᠬᠡᠮᠡᠯ ᠪᠠᠶᠢᠭᠤᠯᠵᠤ᠂ ᠵᠢᠯ ᠪᠦᠷᠢ ᠨᠢᠭᠡ ᠤᠳᠠᠭ᠎ᠠ ᠡᠷᠡᠭᠦᠯ ᠮᠡᠨᠳᠦ ᠶᠢᠨ ᠪᠠᠶᠢᠴᠠᠭᠠᠯᠲᠠ ᠬᠢᠵᠦ᠂ | ᠡᠷᠡᠭᠦᠯ ᠮᠡᠨᠳᠦ ᠶᠢᠨ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠴᠢᠰᠤᠨ ᠳᠠᠷᠤᠯᠲᠠ ᠥᠨᠳᠥᠷ᠂ ᠰᠢᠬᠢᠷ | ᠰᠢᠵᠢᠩ ᠡᠪᠡᠳᠴᠢᠨ᠂ ᠠᠭᠤᠰᠬᠢᠨ ᠤ ᠰᠦᠷᠢᠶ᠎ᠡ᠂ ᠬᠦᠨᠳᠦ ᠨᠣᠴᠢᠲᠠᠶ ᠮᠡᠳᠡᠷᠡᠯ ᠤᠨ ᠰᠠᠭᠠᠲᠠᠯ ᠵᠡᠷᠭᠡ ᠳᠥᠷᠪᠡᠨ | ᠲᠥᠷᠥᠯ ᠤᠨ ᠡᠪᠡᠳᠴᠢᠲᠡᠨ ᠳᠤ ᠳᠠᠭᠠᠵᠤ ᠰᠤᠷᠪᠤᠯᠵᠢᠯᠠᠬᠤ ᠦᠢᠯᠡᠴᠢᠯᠡᠭᠡ ᠬᠠᠩᠭᠠᠪᠠ᠃ ᠲᠤᠰᠬᠠᠶ ᠵᠦᠢᠯ ᠤᠨ ᠡᠷᠡᠭᠦᠯ | ᠮᠡᠨᠳᠦ ᠶᠢᠨ ᠬᠠᠮᠢᠶᠠᠷᠤᠯᠲᠠ ᠶᠢ ᠥᠷᠨᠢᠭᠦᠯᠵᠦ᠂ ᠴᠢᠰᠤᠨ ᠳᠠᠷᠤᠯᠲᠠ᠂ ᠴᠢᠰᠤᠨ ᠰᠢᠬᠢᠷ ᠤᠨ ᠬᠢᠵᠠᠭᠠᠷᠯᠠᠬᠤ ᠦᠷ᠎ᠡ | ᠪᠦᠲᠦᠮᠵᠢ ᠨᠢ ᠰᠠᠨᠠᠭᠠᠨ ᠠᠴᠠ ᠭᠠᠳᠠᠭᠤᠷ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠎ᠡ᠃ | ᠳᠥᠷᠪᠡ ᠳᠤ ᠤᠬᠠᠭᠤᠯᠭ᠎ᠠ ᠶᠢᠨ ᠠᠭᠤᠷ ᠠᠮᠢᠰᠬᠤᠯ ᠢ ᠶᠡᠬᠡᠪᠡᠷ ᠪᠣᠶ ᠪᠣᠯᠭᠠᠪᠠ᠃ ᠡᠯ᠎ᠡ ᠲᠥᠷᠥᠯ ᠤᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠳᠤᠷᠠᠰᠬᠠᠯ ᠤᠨ ᠡᠳᠦᠷ᠂ ᠠᠵᠢᠯᠯᠠᠭ᠎ᠠ ᠶᠢᠨ ᠰᠠᠷ᠎ᠠ ᠶᠢᠨ ᠬᠤᠭᠤᠴᠠᠭᠠᠨ ᠳᠤ ᠭᠤᠤᠯ | ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠤᠯᠠᠮᠵᠢᠯᠠᠯᠲᠤ ᠵᠠᠭᠤᠴᠢᠯᠠᠭᠤᠷ ᠪᠣᠯᠤᠨ ᠰᠢᠨ᠎ᠡ | ᠵᠠᠭᠤᠴᠢᠯᠠᠭᠤᠷ ᠢᠶᠠᠷ ᠳᠠᠮᠵᠢᠭᠤᠯᠤᠨ᠂ ᠣᠯᠠᠨ ᠲᠦᠮᠡᠨ ᠢ ᠬᠠᠪᠰᠤᠷᠤᠨ ᠤᠯᠤᠰ ᠤᠨ ᠦᠨᠳᠦᠰᠦᠨ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠡᠪᠴᠢᠶ᠎ᠡ᠂ ᠠᠭᠤᠯᠭ᠎ᠠ ᠶᠢ ᠨᠠᠩ ᠭᠦᠨᠵᠡᠭᠡᠶ ᠣᠶᠢᠯᠠᠭᠠᠭᠤᠯᠵᠤ᠂ ᠣᠯᠠᠨ | ᠲᠦᠮᠡᠨ ᠳᠤ ᠨᠠᠩ ᠨᠠᠷᠢᠯᠢᠭ ᠵᠢᠷᠤᠮᠵᠢᠭᠰᠠᠨ ᠡᠷᠡᠭᠦᠯ ᠮᠡᠨᠳᠦ ᠶᠢᠨ ᠦᠢᠯᠡᠴᠢᠯᠡᠭᠡ ᠬᠦᠷᠲᠡᠭᠡᠨ᠎ᠡ᠃ |